ᠮᠠᠨ ᠤ ᠬᠤᠳᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠶᠢᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠂ ᠬᠠᠳᠤᠨ ᠭᠤᠣᠯ ᠤᠨ ︽ᠲᠣᠬᠤᠢ︾ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠣᠭᠤᠭᠠᠨ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | ᠤᠷᠠᠳ ᠤᠨ ᠳᠤᠮᠳᠠᠳᠤ ᠬᠤᠰᠢᠭᠤᠨ ᠤ ᠰᠢᠬ᠎ᠠ ᠭᠤᠣᠯ ᠪᠠᠯᠭᠠᠰᠤᠨ ᠤ ᠮᠤᠨᠢ ᠠᠭᠤᠯᠠ ᠶᠢᠨ ᠠᠷᠤ ᠬᠤᠷᠮᠣᠢ ᠶᠢᠨ ᠲᠥᠷᠥᠯ ᠵᠦᠢᠯ ᠤᠨ ᠲᠣᠭᠤᠷᠢᠭ ᠲᠤ᠂ | ᠤᠷᠭᠤᠮᠠᠯ ᠤᠨ ᠬᠤᠴᠢᠯᠭ᠎ᠠ ᠢᠭᠴᠤ ᠰᠠᠬᠤᠯᠢᠭ ᠪᠠᠶᠢᠵᠤ᠂ ᠮᠥᠷ ᠮᠥᠷ ᠵᠢᠭᠳᠡᠷᠡᠨ ᠤᠷᠭᠤᠭᠰᠠᠨ ᠬᠠᠷᠠᠭᠠᠨ᠎ᠠ ᠬᠥᠬᠡᠷᠡᠨ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠬᠠᠷᠠᠭᠳᠠᠨ᠎ᠠ᠃ ᠡᠨᠡ ᠵᠢᠯ᠂ ᠰᠢᠬ᠎ᠠ ᠭᠤᠣᠯ ᠪᠠᠯᠭᠠᠰᠤ ᠲᠥᠷᠥᠯ ᠵᠦᠢᠯ ᠤᠨ ᠪᠡᠯᠡ ᠮᠥᠩᠭᠦ 1206.24 ᠲᠦᠮᠡᠨ ᠲᠥᠭᠦᠷᠢᠭ ᠢ ᠭᠤᠶᠤᠴᠢᠯᠠᠨ ᠣᠯᠵᠤ᠂ | ᠪᠠᠶᠠᠨᠨᠠᠭᠤᠷ ᠬᠤᠲᠠ ᠶᠢᠨ ᠮᠤᠨᠢ ᠠᠭᠤᠯᠠ ᠶᠢᠨ ᠠᠷᠤ ᠬᠤᠷᠮᠣᠢ ᠶᠢᠨ ᠤᠷᠠᠳ ᠤᠨ ᠳᠤᠮᠳᠠᠳᠤ ᠬᠤᠰᠢᠭᠤᠨ ᠤ 2023 ᠣᠨ ᠤ ᠠᠮᠢ ᠠᠬᠤᠢ ᠶᠢᠨ ᠶᠡᠷᠦᠩᠬᠡᠶᠢᠯᠡᠭᠰᠡᠨ | ᠵᠠᠰᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠳᠣᠬᠠᠨ ᠪᠤᠯᠳᠠᠯ᠎ᠠ᠂ 86804 ᠮᠧᠲᠷ ᠢ ᠬᠠᠰᠢᠶᠠᠯᠠᠨ | ᠪᠢᠲᠡᠭᠦᠮᠵᠢᠯᠡᠵᠦ᠂ ᠬᠥᠮᠥᠨ ᠤ ᠬᠦᠴᠦ ᠪᠠᠷ ᠡᠪᠡᠰᠦ ᠳᠠᠷᠢᠭᠰᠠᠨ ᠲᠠᠯᠠᠪᠠᠶ ᠨᠢ ᠪᠠᠷᠤᠭ 3 ᠲᠦᠮᠡᠨ ᠮᠦ ᠳᠤ ᠬᠦᠷᠴᠡᠢ᠃ | ᠤᠷᠠᠳ ᠤᠨ ᠳᠤᠮᠳᠠᠳᠤ ᠬᠤᠰᠢᠭᠤᠨ ᠤ ᠰᠢᠬ᠎ᠠ ᠭᠤᠣᠯ ᠪᠠᠯᠭᠠᠰᠤᠨ ᠤ ᠳᠡᠳ᠋ ᠳᠠᠷᠤᠭ᠎ᠠ ᠰᠢᠦᠢ ᠹᠧᠢ ᠰᠤᠷᠪᠤᠯᠵᠢᠯᠠᠭᠴᠢ ᠳᠤ ᠮᠤᠨᠢ ᠠᠭᠤᠯᠠ ᠶᠢᠨ ᠠᠷᠤ | ᠬᠤᠷᠮᠣᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠦᠷᠦᠯ ᠵᠦᠢᠯ ᠢ ᠬᠡᠷᠡᠭᠵᠢᠭᠦᠯᠦᠭᠰᠡᠨ ᠢᠶᠠᠷ᠂ ᠰᠢᠬ᠎ᠠ ᠭᠤᠣᠯ ᠪᠠᠯᠭᠠᠰᠤᠨ ᠤ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠴᠦᠯᠦᠷᠭᠡᠭᠵᠢᠭᠦ ᠪᠠ ᠡᠯᠡᠰᠦᠵᠢᠬᠦ ᠶᠢ ᠰᠡᠷᠭᠡᠶᠢᠯᠡᠨ᠂ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠭᠡᠪᠡ᠃ | ᠤᠷᠠᠳ ᠤᠨ ᠡᠮᠦᠨᠡᠲᠦ ᠬᠤᠰᠢᠭᠤᠨ ᠤ ᠰᠠᠭᠠᠳᠠᠭ ᠤᠨ ᠰᠦᠵᠢ ᠶᠢᠨ ᠡᠯᠡᠰᠦᠷᠬᠡᠭ ᠭᠠᠵᠠᠷ ᠲᠤ᠂ ᠠᠵᠢᠯᠴᠢᠳ ᠶᠠᠭ ᠰᠠᠶᠢᠬᠠᠨ ᠭᠤᠤ ᠭᠠᠷᠭᠠᠨ ᠡᠪᠡᠰᠦ ᠳᠡᠪᠢᠰᠴᠦ᠂ | ᠬᠥᠮᠥᠨ ᠤ ᠬᠦᠴᠦ ᠪᠠᠷ ᠡᠪᠡᠰᠦ ᠶᠢ ᠳᠥᠷᠪᠡᠯᠵᠢᠨ ᠭᠡᠯᠪᠡᠷᠢ ᠪᠠᠷ ᠳᠡᠪᠢᠰᠬᠦ ᠠᠷᠭ᠎ᠠ ᠪᠠᠷ ᠡᠯᠡᠰᠦᠨ ᠬᠠᠯᠬᠠᠪᠴᠢ ᠪᠣᠰᠬᠠᠵᠤ᠂ ᠨᠡᠭᠦᠳᠡᠯᠯᠡᠵᠦ ᠪᠠᠶᠢᠭ᠎ᠠ ᠡᠯᠡᠰᠦᠨ | ᠲᠤᠪᠤ ᠶᠢ ᠲᠣᠭᠲᠠᠪᠤᠷᠢᠵᠢᠭᠤᠯᠤᠨ᠎ᠠ᠃ ᠲᠤᠰ ᠲᠥᠷᠥᠯ ᠵᠦᠢᠯ ᠢ ᠳᠠᠭᠤᠰᠬᠠᠭᠰᠠᠨ ᠤ ᠳᠠᠷᠠᠭ᠎ᠠ᠂ ᠰᠦᠵᠢ ᠶᠢᠨ ᠡᠯᠡᠰᠦᠷᠬᠡᠭ ᠭᠠᠵᠠᠷ ᠤᠨ ᠳᠤᠮᠳᠠ ᠬᠡᠰᠡᠭ ᠤᠨ ᠡᠮᠦᠨ᠎ᠡ | ᠦᠵᠦᠭᠦᠷ ᠲᠤ 1500 ᠮᠧᠲᠷ ᠤᠷᠲᠤ᠂ 900 ᠮᠧᠲᠷ ᠤᠨ ᠥᠷᠭᠡᠨ ᠠᠮᠢ ᠠᠬᠤᠢ ᠶᠢᠨ ᠬᠠᠯᠬᠠᠪᠴᠢ ᠪᠤᠢ ᠪᠣᠯᠣᠨ᠎ᠠ᠃ ᠴᠠᠭ ᠬᠤᠭᠤᠴᠠᠭᠠᠨ ᠤ ᠥᠩᠭᠡᠷᠡᠬᠦ ᠶᠢ | ᠳᠠᠭᠠᠯᠳᠤᠨ᠂ ᠡᠪᠡᠰᠦ ᠪᠠᠷ ᠳᠠᠷᠤᠭᠰᠠᠨ ᠳᠥᠷᠪᠡᠯᠵᠢᠨ ᠭᠡᠯᠪᠡᠷᠢ ᠲᠠᠢ ᠡᠯᠡᠰᠦᠨ ᠬᠠᠯᠬᠠᠪᠴᠢ ᠨᠢ ᠠᠭᠠᠵᠢᠮ ᠢᠶᠠᠷ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠤᠷᠭᠤᠮᠠᠯ | ᠪᠣᠯᠵᠤ ᠬᠤᠪᠢᠷᠠᠬᠤ ᠪᠣᠯᠣᠨ᠎ᠠ᠃ | ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ ᠸᠠᠩ ᠶᠠᠨ ᠰᠤᠷᠪᠤᠯᠵᠢᠯᠠᠭᠴᠢ ᠳᠤ ᠲᠣᠰ | ᠤᠳᠠᠭᠠᠨ ᠤ ᠳᠠᠷᠢᠭᠰᠠᠨ ᠡᠯᠡᠰᠦᠨ ᠬᠠᠯᠬᠠᠪᠴᠢ ᠶᠢᠨ ᠶᠡᠷᠦᠩᠬᠡᠢ ᠲᠠᠯᠠᠪᠠᠶ ᠨᠢ 2000 ᠮᠦ᠂ ᠢᠨᠵᠧᠨᠧᠷᠢᠩ ᠨᠢ 7 ᠰᠠᠷ᠎ᠠ ᠶᠢᠨ ᠡᠬᠢᠨ ᠠᠴᠠ ᠡᠬᠢᠯᠡᠵᠦ᠂ ᠵᠢᠱᠢᠯᠲᠡ ᠪᠠᠷ | 9 ᠰᠠᠷ᠎ᠠ ᠶᠢᠨ ᠳᠤᠮᠳᠠᠴᠢ ᠪᠠᠷ ᠳᠠᠭᠤᠰᠤᠨ᠎ᠠ ᠭᠡᠪᠡ᠃ | ᠣᠶᠢᠯᠠᠭᠠᠭᠰᠠᠨ ᠢᠶᠠᠷ᠂ ᠤᠷᠠᠳ ᠤᠨ ᠡᠮᠦᠨᠡᠲᠦ ᠬᠤᠰᠢᠭᠤᠨ ᠤ ᠰᠦᠵᠢ ᠶᠢᠨ ᠡᠯᠡᠰᠦᠷᠬᠡᠭ ᠭᠠᠵᠠᠷ ᠤᠨ ᠲᠠᠯᠠᠪᠠᠶ 60 ᠲᠦᠮᠡᠨ ᠮᠦ ᠳᠤ ᠬᠦᠷᠴᠦ᠂ ᠲᠤᠬᠠᠢ ᠶᠢᠨ | ᠭᠠᠵᠠᠷ ᠤᠨ ᠬᠢᠨ ᠡᠯᠡᠰᠦ ᠶᠢ ᠪᠢᠲᠡᠭᠦᠮᠵᠢᠯᠡᠨ ᠣᠶ ᠮᠣᠳᠣ ᠪᠣᠶᠢᠵᠢᠭᠤᠯᠬᠤ᠂ ᠨᠤᠲᠤᠭ ᠪᠡᠯᠴᠢᠭᠡᠷ ᠢ ᠬᠦᠷᠢᠶᠡᠯᠡᠬᠦ᠂ ᠪᠣᠳᠠ ᠮᠣᠳᠣ ᠪᠠᠷ ᠣᠶᠢᠵᠢᠭᠤᠯᠬᠤ᠂ ᠨᠢᠰᠬᠡᠯ ᠢᠶᠠᠷ | ᠳᠠᠷᠢᠵᠤ ᠣᠶᠢᠵᠢᠭᠤᠯᠬᠤ᠂ ᠬᠡᠷᠡᠯ ᠴᠠᠭᠢᠯᠭᠠᠨ ᠢᠶᠠᠷ ᠡᠯᠡᠰᠦ ᠶᠢ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠲᠥᠪᠯᠡᠷᠡᠭᠦᠯᠦᠨ ᠵᠠᠰᠠᠬᠤ ᠪᠠᠷ ᠲᠠᠮᠵᠢᠨ᠂ ᠠᠩᠬ᠎ᠠ ᠠᠯᠬᠤᠮ | ᠨᠣᠭᠤᠭᠠᠷᠠᠭᠤᠯᠤᠯᠲᠠ ᠶᠢ ᠠᠬᠢᠭᠤᠯᠵᠤ ᠡᠯᠡᠰᠦ ᠶᠢ ᠲᠣᠭᠲᠠᠪᠤᠷᠢᠵᠢᠭᠤᠯᠤᠭᠰᠠᠨ ᠮᠠᠰᠢ ᠰᠠᠶᠢᠨ ᠪᠠᠶᠢᠳᠠᠯ ᠢ ᠪᠤᠢ ᠪᠣᠯᠭᠠᠪᠠ᠃ | ᠡᠨᠡ ᠵᠢᠯ ᠪᠣᠯ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠳᠤᠨ ᠭᠤᠣᠯ ᠤᠨ ︽ᠲᠣᠬᠤᠢ︾ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠮᠠᠨ ᠤ ᠬᠤᠳᠠ ︽ᠪᠠᠶᠠᠨᠨᠠᠭᠤᠷ ᠬᠤᠲᠠ ᠶᠢᠨ ᠬᠠᠲᠤᠨ ᠭᠤᠣᠯ ᠤᠨ ︿ᠲᠣᠬᠤᠢ﹀ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ︾ ᠤᠨ ᠶᠣᠰᠣᠭᠠᠷ᠂ ᠮᠠᠨ ᠤ ᠬᠤᠲᠠ ᠶᠢᠨ 2024 ᠣᠨ ᠤ ︽ᠤᠮᠠᠷᠠᠲᠤ ᠶᠢᠨ ᠭᠤᠷᠪᠠᠨ ᠣᠷᠣᠨ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠢᠷᠤᠭ᠂ ᠪᠠᠷᠢᠯᠭ᠎ᠠ ᠶᠢᠨ ᠵᠢᠷᠤᠭ ᠢ ᠵᠢᠷᠤᠵᠤ ᠭᠠᠷᠭᠠᠨ᠂ ᠡᠭᠦᠷᠭᠡ ᠶᠢ | ᠪᠣᠳᠠᠲᠠᠶᠢᠵᠢᠭᠤᠯᠤᠭᠰᠠᠨ ᠪᠠᠶᠢᠨ᠎ᠠ᠃ ᠮᠤᠨᠢ ᠠᠭᠤᠯᠠ ᠶᠢᠨ ᠠᠷᠤ ᠬᠤᠷᠮᠣᠢ ᠳᠠᠬᠢ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ᠂ ᠪᠠᠷᠠᠭᠤᠨ ᠣᠷᠣᠨ ᠤ ᠡᠯᠡᠰᠦᠨ ᠴᠥᠯ | ᠢ ᠶᠡᠷᠦᠩᠬᠡᠶᠢᠯᠡᠨ ᠵᠠᠰᠠᠬᠤ ᠲᠦᠷᠦᠯ ᠵᠦᠢᠯ᠂ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭ᠎ᠠ᠂ ᠨᠠᠮ ᠤᠨ ᠲᠥᠪ ᠬᠤᠷᠢᠶ᠎ᠠ/ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠳ᠋ ᠤᠨ ᠵᠠᠰᠠᠭ ᠤᠨ ᠣᠢ ᠰᠢᠭᠤᠢ ᠶᠢ ᠠᠷᠠᠴᠢᠯᠠᠨ ᠪᠣᠶᠢᠵᠢᠭᠤᠯᠬᠤ ᠪᠠ ᠮᠠᠭᠤᠳᠠᠭᠰᠠᠨ ᠨᠤᠲᠤᠭ ᠪᠡᠯᠴᠢᠭᠡᠷ ᠢ | ᠵᠠᠰᠠᠨ ᠰᠡᠷᠭᠦᠭᠡᠬᠦ ᠲᠥᠷᠥᠯ ᠵᠦᠢᠯ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ | ᠵᠡᠷᠭᠡ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ᠣᠲᠣ ᠪᠣᠯᠲᠠᠯ᠎ᠠ᠂ ᠨᠢᠭᠡᠨᠲᠡ 332.27 ᠲᠦᠮᠡᠨ ᠮᠦ ᠠᠮᠢ ᠠᠬᠤᠢ ᠶᠢᠨ ᠵᠠᠰᠠᠯᠲᠠ ᠶᠢ | ᠪᠡᠶᠡᠯᠡᠭᠦᠯᠪᠡ᠃ | |