ᠵᠢᠯ ᠤᠨ ᠳᠥᠷᠪᠡᠨ ᠤᠯᠠᠷᠢᠯ ᠳᠤ ᠨᠠᠮᠤᠷ ᠪᠣᠯ ᠨᠢᠭᠡᠨ ᠲᠤᠶᠢᠯ ᠤᠨ ᠴᠢᠬᠤᠯᠠ ᠪᠡᠶ᠎ᠡ ᠰᠤᠪᠢᠯᠠᠯᠲᠠ ᠶᠢᠨ ᠤᠯᠠᠷᠢᠯ ᠪᠣᠯᠣᠨ᠎ᠠ᠂ ᠤᠴᠢᠷ ᠨᠢ ᠬᠦᠢᠲᠡᠨ ᠰᠢᠭᠦᠳᠡᠷᠢ | ᠥᠩᠭᠡᠷᠡᠭᠰᠡᠨ ᠤ ᠳᠠᠷᠠᠭ᠎ᠠ᠂ ᠠᠭᠤᠷ ᠠᠮᠢᠰᠬᠤᠯ ᠰᠡᠷᠢᠭᠦᠬᠡᠨ ᠪᠣᠯᠤᠭᠰᠠᠨ ᠴᠤ᠂ ᠪᠥᠬᠦ ᠪᠡᠶ᠎ᠡ ᠮᠠᠰᠢ ᠠᠮᠠᠷᠬᠠᠨ ᠲᠠᠮᠢᠷ ᠲᠡᠩᠬᠡᠭᠡ ᠦᠭᠡᠢ ᠪᠣᠯᠬᠤ ᠪᠠ ᠵᠠᠯᠬᠠᠭᠤᠷᠠᠬᠤ | ᠲᠥᠷᠥᠭᠳᠡᠯ ᠣᠷᠣᠳᠠᠭ ᠶᠤᠮ᠃ ᠬᠡᠷᠪᠡ ᠡᠨᠡ ᠦᠶ᠎ᠡ ᠳᠤ ᠬᠠᠮᠢᠶ᠎ᠠ ᠪᠦᠬᠦᠢ ᠪᠡᠶ᠎ᠡ ᠰᠤᠪᠢᠯᠠᠯᠲᠠ ᠶᠢᠨ ᠠᠵᠢᠯ ᠢ ᠰᠠᠶᠢᠲᠤᠷ ᠬᠢᠵᠦ ᠴᠢᠳᠠᠪᠠᠯ ᠪᠡᠶ᠎ᠡ ᠮᠠᠬᠠᠪᠤᠳ ᠢᠶᠠᠨ | ᠰᠠᠶᠢᠬᠠᠨ ᠲᠣᠬᠢᠷᠠᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠢᠶᠠᠨ ᠤᠯᠠᠮ ᠴᠢᠭᠢᠷᠠᠭᠵᠢᠭᠤᠯᠵᠤ ᠴᠢᠳᠠᠨ᠎ᠠ᠃ | 1. ᠢᠳᠡᠭᠡᠨ ᠤᠮᠳᠠᠭᠠᠨ ᠤᠰᠤᠯᠢᠭ ᠰᠢᠮᠡᠯᠢᠭ ᠪᠠᠶᠢᠬᠤ ᠬᠡᠷᠡᠭᠲᠡᠢ | ᠠᠭᠤᠷ ᠠᠮᠢᠰᠬᠤᠯ ᠬᠠᠭᠤᠷᠠᠢ ᠪᠣᠯᠪᠠᠯ ᠠᠭᠤᠰᠬᠢ ᠶᠢ ᠠᠮᠠᠷᠬᠠᠨ ᠭᠡᠮᠲᠦᠭᠡᠵᠦ᠂ ᠪᠡᠶ᠎ᠡ ᠶᠢᠨ ᠰᠢᠩᠭᠡᠨ ᠢ ᠠᠮᠠᠷᠬᠠᠨ ᠬᠤᠷᠣᠭᠳᠠᠭᠤᠯᠵᠤ᠂ ᠪᠡᠶ᠎ᠡ ᠮᠠᠬᠠᠪᠤᠳ ᠬᠠᠳᠠᠵᠤ | ᠰᠢᠷᠭᠢᠭᠰᠡᠨ ᠮᠡᠲᠦ ᠪᠤᠯᠳᠠᠭ᠃ ᠡᠶᠢᠮᠦ ᠠᠴᠠ ︽ᠨᠠᠮᠤᠷ ᠤᠨ ᠤᠯᠠᠷᠢᠯ ᠳᠤ ᠪᠢᠯᠢᠭ ᠢ ᠲᠡᠵᠢᠭᠡᠬᠦ︾ ᠶᠢ ᠵᠢᠷᠤᠮᠯᠠᠵᠤ᠂ ᠪᠢᠯᠢᠭ ᠢ ᠰᠢᠮᠡᠵᠢᠭᠦᠯᠵᠦ ᠬᠠᠭᠤᠷᠠᠢ ᠶᠢ ᠵᠥᠭᠡᠯᠡᠷᠡᠭᠦᠯᠬᠦ᠂ | ᠠᠭᠤᠰᠬᠢ ᠶᠢ ᠰᠢᠮᠡᠵᠢᠭᠦᠯᠬᠦ᠂ ᠬᠠᠯᠠᠭᠤᠨ ᠢ ᠠᠷᠢᠯᠭᠠᠵᠤ ᠬᠠᠯᠠᠭᠤᠨ ᠢ ᠪᠠᠭᠤᠷᠠᠭᠤᠯᠬᠤ ᠢᠳᠡᠰᠢ ᠶᠢ ᠰᠣᠩᠭᠤᠬᠤ ᠬᠡᠷᠡᠭᠲᠡᠢ᠂ ᠵᠢᠱᠢᠶᠡᠯᠡᠪᠡᠯ ᠮᠥᠩᠭᠦᠨ ᠳᠡᠯᠳᠡᠦ᠂ ᠪᠠᠯ᠂ | ᠮᠠᠭᠠᠵᠢ᠂ ᠪᠤᠷᠴᠠᠭ ᠤᠨ ᠵᠤᠲᠠᠩ᠂ ᠯᠢᠩᠬᠤ᠎ᠠ ᠶᠢᠨ ᠦᠨᠳᠦᠰᠦ᠂ ᠬᠤᠰᠢᠭ᠎ᠠ᠂ ᠯᠣᠬᠠᠱᠧᠩ᠂ ᠨᠤᠭᠤᠰᠤᠨ ᠥᠨᠳᠡᠭᠡ᠂ ᠥᠷᠭᠡᠰᠦᠲᠦ ᠨᠣᠭᠤᠭ᠎ᠠ᠂ ᠯᠤᠤᠪᠠᠩ᠂ ᠠᠷᠤᠷ᠎ᠠ᠂ ᠠᠯᠢᠮ᠎ᠠ᠂ | ᠨᠢᠰᠢᠩᠭᠦ ᠵᠡᠷᠭᠡ᠃ | ᠠᠮᠠ ᠬᠠᠲᠠᠬᠤ᠂ ᠤᠮᠳᠠᠭᠠᠰᠬᠤ᠂ ᠬᠤᠭᠤᠯᠠᠢ ᠬᠠᠪᠤᠳᠴᠤ ᠡᠪᠡᠳᠬᠦ ᠵᠡᠷᠭᠡ ᠰᠢᠨᠵᠢ ᠲᠡᠮᠳᠡᠭ ᠢᠯᠡᠷᠡᠬᠦ ᠦᠶ᠎ᠡ ᠳᠤ ᠰᠠᠷᠠᠨ᠎ᠠ᠂ ᠪᠣᠭᠤᠨᠢ ᠰᠠᠷᠠᠨ᠎ᠠ ᠶᠢᠨ ᠦᠨᠳᠦᠰᠦ᠂ | ᠴᠢᠨ᠋ᠸ᠎ᠠ ᠶᠢᠨ ᠬᠠᠷᠮᠠᠭ ᠢ ᠤᠰᠤᠨ ᠳᠤ ᠳᠡᠪᠲᠦᠭᠡᠵᠦ ᠤᠤᠭᠤᠵᠤ ᠪᠣᠯᠣᠨ᠎ᠠ᠃ ᠨᠠᠰᠤᠲᠠᠶᠢᠴᠤᠳ ᠤᠨ ᠠᠷᠠᠰᠤ ᠵᠠᠭᠠᠲᠤᠨᠠᠬᠤ ᠨᠢ ᠣᠯᠠᠩᠬᠢ ᠳᠠᠭᠠᠨ ᠬᠡᠢ ᠴᠢᠰᠤ | ᠳᠤᠲᠠᠭᠳᠠᠭᠰᠠᠨ ᠠᠴᠠ ᠪᠣᠯᠤᠭᠰᠠᠨ ᠶᠤᠮ᠂ ᠢᠳᠡᠭᠡᠨ ᠤᠮᠳᠠᠭᠠᠨ ᠤ ᠵᠠᠰᠠᠯ ᠳᠡᠭᠡᠷ᠎ᠡ ᠴᠢᠪᠠᠭ᠎ᠠ᠂ ᠴᠢᠨ᠋ᠸ᠎ᠠ ᠶᠢᠨ ᠬᠠᠷᠮᠠᠭ᠂ ᠰᠠᠷᠠᠨ᠎ᠠ᠂ ᠨᠠᠩᠭᠢ ᠴᠠᠭᠠᠨ ᠵᠡᠷᠭᠡ ᠶᠢᠨ ᠬᠡᠢ | ᠴᠢᠰᠤ ᠶᠢ ᠨᠥᠬᠦᠬᠦ ᠢᠳᠡᠭᠡᠨ ᠢ ᠵᠣᠬᠢᠰᠲᠠᠢ ᠰᠣᠩᠭᠤᠵᠤ ᠪᠣᠯᠣᠨ᠎ᠠ᠃ | ᠠᠯᠢᠮ᠎ᠠ ᠪᠣᠯ ᠨᠠᠮᠤᠷ ᠤᠨ ᠤᠯᠠᠷᠢᠯ ᠳᠤ ᠠᠭᠤᠰᠬᠢ ᠶᠢ ᠵᠥᠭᠡᠯᠡᠯᠡᠬᠦ ᠬᠠᠮᠤᠭ ᠤᠨ ᠰᠠᠶᠢᠨ ᠵᠢᠮᠢᠰ ᠮᠥᠨ᠃ ᠬᠡᠦᠬᠡᠳ ᠤᠨ ᠬᠤᠳᠣᠭᠤᠳᠤ ᠳᠡᠯᠢᠭᠦᠦ ᠮᠠᠭᠤ᠂ | ᠨᠠᠰᠤᠨ ᠳᠤ ᠬᠦᠷᠦᠭᠰᠡᠳ ᠤᠨ ᠪᠡᠶ᠎ᠡ ᠨᠢ ᠬᠦᠢᠲᠡᠨ ᠵᠡᠷᠭᠡ ᠳᠤ ᠬᠠᠮᠤᠭ ᠤᠨ ᠰᠠᠶᠢᠨ ᠨᠢ ᠵᠢᠩᠨᠡᠵᠦ ᠢᠳᠡᠨ᠎ᠡ᠂ ᠪᠠᠰᠠ ᠠᠯᠢᠮ᠎ᠠ ᠶᠢᠨ ᠰᠢᠭᠦᠰᠦ ᠶᠢ ᠴᠢᠨᠠᠵᠤ ᠤᠤᠭᠤᠵᠤ | ᠪᠣᠯᠣᠨ᠎ᠠ᠃ | 2. ᠠᠭᠤᠰᠬᠢ ᠶᠢ ᠲᠡᠵᠢᠭᠡᠬᠦ ᠳᠤ ᠪᠡᠶ᠎ᠡ ᠪᠠᠨ ᠬᠥᠳᠡᠯᠭᠡᠬᠦ ᠬᠡᠷᠡᠭᠲᠡᠢ | ᠤᠯᠠᠷᠢᠯ ᠤᠨ ᠬᠤᠪᠢᠷᠠᠯᠲᠠ ᠳᠤ ᠨᠡᠩ ᠰᠠᠶᠢᠨ ᠵᠣᠬᠢᠴᠠᠬᠤ ᠶᠢᠨ ᠲᠥᠯᠥᠭᠡ᠂ ᠵᠣᠬᠢᠰᠲᠠᠢ ᠪᠣᠯᠪᠠᠰᠤᠷᠠᠵᠤ᠂ ᠠᠭᠤᠰᠬᠢᠨ ᠤ ᠬᠡᠢ ᠶᠢ ᠲᠣᠬᠢᠷᠠᠭᠤᠯᠤᠨ᠂ ᠪᠡᠶ᠎ᠡ | ᠮᠠᠬᠠᠪᠤᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠷᠢᠮ ᠬᠦᠴᠢᠯᠲᠥ᠋ᠷᠥᠭᠴᠢᠲᠦ ᠬᠥᠳᠡᠯᠭᠡᠭᠡᠨ ᠢ ᠬᠢᠬᠦ ᠬᠡᠷᠡᠭᠲᠡᠢ᠂ ᠢᠳᠡᠷ ᠵᠠᠯᠠᠭᠤ ᠬᠥᠮᠥᠨ | ᠠᠭᠤᠯᠠ ᠠᠪᠠᠷᠢᠬᠤ ᠬᠥᠳᠡᠯᠭᠡᠭᠡᠨ ᠢ ᠰᠣᠩᠭᠤᠵᠤ᠂ ᠠᠭᠤᠰᠬᠢᠨ ᠤ ᠠᠮᠢᠰᠬᠤᠯ ᠤᠨ ᠪᠠᠭᠲᠠᠭᠠᠮᠵᠢ ᠶᠢ ᠨᠡᠮᠡᠭᠳᠡᠭᠦᠯᠦᠨ᠂ ᠴᠢᠰᠤᠨ ᠤ ᠡᠷᠭᠢᠯᠲᠡ ᠶᠢ ᠲᠦᠷᠭᠡᠳᠬᠡᠵᠦ᠂ | ᠬᠤᠣᠷᠲᠤ ᠡᠳ᠋ ᠢ ᠭᠠᠳᠠᠭᠰᠢᠯᠠᠭᠤᠯᠬᠤ ᠳᠤ ᠠᠰᠢᠭᠲᠠᠢ ᠪᠣᠯᠭᠠᠨ᠎ᠠ᠃ ᠨᠠᠰᠤᠲᠠᠶᠢᠴᠤᠳ ᠨᠡᠷᠡᠬᠦᠢ ᠨᠢᠳᠤᠷᠭ᠎ᠠ ᠪᠣᠯᠪᠠᠰᠤᠷᠠᠬᠤ ᠨᠢ ᠳᠦᠷᠪᠡᠨ ᠮᠥᠴᠢ ᠶᠢ ᠳᠡᠯᠭᠡᠨ ᠬᠡᠢ | ᠴᠢᠰᠤ ᠶᠢ ᠨᠡᠪᠲᠡᠷᠡᠭᠦᠯᠦᠨ᠎ᠡ᠃ | ᠬᠢᠲᠠᠳ ᠡᠮᠨᠡᠯᠭᠡ ᠳᠤ ᠨᠠᠮᠤᠷ ᠪᠣᠯ ᠲᠠᠪᠤᠨ ᠮᠠᠬᠠᠪᠤᠳ ᠤᠨ ᠠᠯᠲᠠ ᠳᠤ ᠬᠠᠷᠢᠶᠠᠯᠠᠭᠳᠠᠨ᠎ᠠ᠂ ᠠᠯᠲᠠ ᠨᠢ ᠠᠭᠤᠰᠬᠢ ᠲᠠᠢ ᠵᠣᠬᠢᠴᠠᠨ᠎ᠠ᠂ ᠡᠶᠢᠮᠦ ᠠᠴᠠ | ᠠᠭᠤᠰᠬᠢᠨ ᠤ ᠬᠡᠢ ᠪᠠᠭᠤᠷᠠᠢ ᠬᠥᠮᠥᠰ ᠨᠠᠮᠤᠷ ᠤᠨ ᠤᠯᠠᠷᠢᠯ ᠳᠤ ᠠᠮᠠᠷᠬᠠᠨ ᠵᠠᠷᠢᠮ ᠠᠭᠤᠰᠬᠢᠨ ᠰᠢᠰᠲ᠋ᠧᠮ ᠤᠨ ᠡᠪᠡᠳᠴᠢᠨ᠂ ᠵᠢᠱᠢᠶᠡᠯᠡᠪᠡᠯ᠂ ᠲᠠᠭᠰᠢᠭᠤᠷ᠂ ᠬᠠᠨᠢᠶᠠᠳᠤ᠂ | ᠠᠭᠰᠠᠭ᠎ᠠ ᠵᠡᠷᠭᠡ ᠪᠣᠯᠣᠨ᠎ᠠ᠃ ᠬᠤᠭᠤᠯᠠᠢ ᠬᠠᠪᠤᠳᠴᠤ ᠡᠪᠡᠳᠬᠦ᠂ ᠬᠠᠲᠠᠬᠤ᠂ ᠰᠥᠭᠡᠩᠭᠢᠳᠡᠬᠦ ᠵᠡᠷᠭᠡ ᠡᠪᠡᠳᠴᠢᠨ ᠤ ᠰᠢᠨᠵᠢ ᠢᠯᠡᠷᠡᠵᠦ᠂ ᠬᠡᠷᠪᠡ ᠪᠢᠯᠢᠭ ᠪᠠᠷᠠᠭᠳᠠᠵᠤ | ᠠᠭᠤᠰᠬᠢ ᠬᠠᠭᠤᠷᠠᠶᠢᠳᠠᠬᠤ ᠵᠠᠯᠭᠢᠭᠤᠷ ᠲᠥᠪᠥᠩᠬᠡᠢ ᠶᠢᠨ ᠦᠷᠪᠢᠰᠦᠯ ᠳᠤ ᠲᠣᠭᠠᠴᠠᠭᠳᠠᠪᠠᠯ ᠂ ᠪᠠᠯ ᠲᠠᠢ ᠯᠢᠩᠬᠤ᠎ᠠ ᠶᠢᠨ ᠰᠢᠭᠦᠰᠦ ᠶᠢ ᠲᠣᠬᠢᠷᠠᠭᠤᠯᠵᠤ ᠤᠤᠭᠤᠪᠠᠯ | ᠰᠠᠶᠢᠨ᠃ ᠪᠠᠯ ᠨᠢ ᠬᠠᠭᠤᠷᠠᠢ ᠶᠢ ᠵᠥᠭᠡᠯᠡᠷᠡᠭᠦᠯᠬᠦ ᠂ ᠪᠢᠯᠢᠭ ᠢ ᠰᠢᠮᠡᠵᠢᠭᠦᠯᠵᠦ ᠵᠢᠰᠦ ᠭᠤᠶᠣᠯᠠᠬᠤ᠂ ᠳᠠᠷᠤᠯᠲᠠ ᠶᠢ ᠪᠠᠭᠤᠷᠠᠭᠤᠯᠤᠨ ᠬᠤᠷᠭᠤᠰᠤᠯᠠᠬᠤ ᠶᠢ ᠵᠠᠰᠠᠳᠠᠭ᠂ | ᠯᠢᠩᠬᠤ᠎ᠠ ᠶᠢᠨ ᠦᠨᠳᠦᠰᠦ ᠨᠢ ᠬᠠᠷᠢᠨ ᠬᠠᠯᠠᠭᠤᠨ ᠢ ᠠᠷᠢᠯᠭᠠᠵᠤ ᠴᠢᠰᠤ ᠶᠢ ᠰᠡᠷᠢᠭᠦᠴᠡᠭᠦᠯᠬᠦ᠂ ᠰᠡᠳᠬᠢᠯ ᠰᠠᠨᠠᠭ᠎ᠠ ᠶᠢ ᠲᠠᠶᠢᠪᠤᠰᠢᠷᠠᠭᠤᠯᠬᠤ ᠦᠢᠯᠡᠳᠦᠯ ᠲᠠᠢ ᠲᠤᠯᠠ | ᠯᠢᠩᠬᠤ᠎ᠠ ᠶᠢᠨ ᠦᠨᠳᠦᠰᠦ 500 ᠭᠷᠡᠮ᠂ ᠵᠥᠭᠡᠢ ᠶᠢᠨ ᠪᠠᠯ 20 ᠭᠷᠡᠮ ᠢ ᠠᠪᠴᠤ᠂ ᠤᠷᠢᠳᠠᠪᠠᠷ ᠰᠢᠨ᠎ᠡ ᠰᠣᠷᠭᠤᠭ ᠯᠢᠩᠬᠤ᠎ᠠ ᠶᠢᠨ ᠦᠨᠳᠦᠰᠦ ᠶᠢ ᠤᠬᠢᠶᠠᠵᠤ | ᠴᠡᠪᠡᠷᠯᠡᠭᠰᠡᠨ ᠤ ᠳᠠᠷᠠᠭ᠎ᠠ ᠰᠢᠭᠦᠰᠦ ᠪᠣᠯᠭᠠᠨ ᠰᠢᠬᠠᠵᠤ᠂ ᠳᠠᠬᠢᠨ ᠪᠠᠯ ᠬᠢᠵᠦ ᠤᠤᠭᠤᠵᠤ ᠪᠣᠯᠣᠨ᠎ᠠ᠃ | 3. ᠠᠷᠭ᠎ᠠ ᠶᠢ ᠲᠡᠵᠢᠭᠡᠬᠦ ᠳᠤ ᠳᠤᠯᠠᠭᠠᠨ ᠢ ᠠᠩᠬᠠᠷᠬᠤ ᠬᠡᠷᠡᠭᠲᠡᠢ | ᠨᠠᠮᠤᠷ ᠪᠣᠯᠪᠠᠯ ᠠᠷᠭ᠎ᠠ ᠬᠡᠢ ᠠᠭᠠᠵᠢᠮ ᠢᠶᠠᠷ ᠬᠤᠷᠢᠶᠠᠭᠳᠠᠵᠤ᠂ ᠪᠢᠯᠢᠭ ᠬᠡᠢ ᠠᠭᠠᠵᠢᠮ ᠢᠶᠠᠷ ᠣᠷᠳᠣ ᠪᠣᠯᠳᠠᠭ᠂ ᠭᠠᠭᠴᠠ ᠬᠦ ᠠᠷᠭ᠎ᠠ ᠬᠡᠢ ᠶᠢ ᠭᠦᠢᠴᠡᠳ | ᠲᠥᠪᠯᠡᠷᠡᠭᠦᠯᠪᠡᠯ ᠰᠠᠶ᠋ᠢ ᠡᠪᠦᠯ ᠤᠨ ᠬᠦᠢᠲᠡᠨ ᠠᠴᠠ ᠠᠶᠤᠬᠤ ᠦᠭᠡᠢ ᠪᠠᠶᠢᠳᠠᠭ᠃ ᠠᠷᠭ᠎ᠠ ᠬᠡᠢ ᠶᠢ ᠬᠤᠷᠢᠶᠠᠬᠤ ᠳᠤ ᠠᠷᠤ ᠨᠢᠷᠤᠭᠤ ᠶᠢ ᠳᠤᠯᠠᠭᠠᠯᠠᠬᠤ ᠬᠡᠷᠡᠭᠲᠡᠢ᠃ | ᠡᠭᠦᠨ ᠠᠴᠠ ᠭᠠᠳᠠᠨ᠎ᠠ᠂ ᠤᠨᠲᠠᠬᠤ ᠳᠠᠭᠠᠨ ᠴᠣᠩᠬᠤ ᠪᠠᠨ ᠬᠠᠭᠠᠵᠤ᠂ ᠬᠦᠢᠲᠡᠨ ᠬᠡᠮ ᠳᠤ ᠲᠠᠭᠠᠷᠢᠭᠳᠠᠬᠤ ᠠᠴᠠ ᠰᠡᠷᠭᠡᠶᠢᠯᠡᠬᠦ ᠬᠡᠷᠡᠭᠲᠡᠢ᠃ ᠨᠠᠮᠤᠷ ᠪᠣᠯᠪᠠᠯ ᠬᠤᠳᠣᠭᠤᠳᠤ | ᠭᠡᠳᠡᠰᠦᠨ ᠤ ᠠᠵᠢᠯᠯᠠᠭ᠎ᠠ ᠠᠨᠠᠢ ᠬᠥᠮᠥᠰ ᠤᠨ ᠬᠤᠳᠣᠭᠤᠳᠤᠨ ᠬᠦᠴᠢᠯ᠂ ᠬᠤᠳᠣᠭᠤᠳᠤ ᠴᠢᠨᠦᠷᠡᠬᠦ᠂ ᠬᠤᠳᠣᠭᠤᠳᠤ ᠡᠪᠡᠳᠬᠦ ᠨᠢ ᠣᠯᠠᠰᠢᠷᠠᠳᠠᠭ᠃ ᠵᠢᠭᠠᠬᠠᠨ ᠼᠤᠤ ᠲᠠᠢ | ᠭᠠ ᠶᠢ ᠳᠡᠪᠲᠦᠭᠡᠵᠦ ᠬᠦᠢᠲᠡᠨ ᠬᠡᠢ ᠶᠢ ᠬᠥᠭᠡᠭᠡᠵᠦ ᠠᠷᠭ᠎ᠠ ᠬᠡᠢ ᠶᠢ ᠳᠡᠭᠡᠭᠰᠢᠯᠡᠭᠦᠯᠦᠨ᠎ᠡ᠂ ᠡᠭᠦᠨ ᠳᠤ ᠰᠢᠨ᠎ᠡ ᠰᠣᠷᠭᠤᠭ ᠲᠦᠭᠦᠬᠡᠢ ᠭᠠ ᠶᠢ ᠬᠡᠰᠡᠭᠯᠡᠨ ᠬᠡᠷᠴᠢᠵᠦ᠂ | ᠵᠢᠵᠢᠭ ᠯᠣᠩᠬᠤ ᠣᠯᠵᠤ ᠼᠤᠤ ᠪᠠᠷ ᠳᠡᠪᠲᠦᠭᠡᠭᠡᠳ ᠥᠷᠯᠥᠭᠡ ᠪᠦᠷᠢ ᠥᠯᠥᠨ ᠢᠶᠠᠷ ᠬᠤᠶᠠᠷ ᠭᠤᠷᠪᠠᠨ ᠬᠡᠰᠡᠭ ᠢ ᠢᠳᠡᠨ᠎ᠡ᠃ ᠢᠯᠠᠩᠭᠤᠶ᠎ᠠ ᠢᠰᠬᠦᠯᠡᠩ ᠤᠰᠤ ᠪᠠᠷ | ᠪᠥᠭᠡᠯᠵᠢᠬᠦ᠂ ᠰᠠᠭᠤᠯᠭᠠᠬᠤ᠂ ᠬᠥᠯ ᠭᠠᠷ ᠳᠠᠭᠠᠷᠠᠳᠠᠭ ᠬᠥᠮᠥᠰ ᠲᠤ ᠡᠨᠡ ᠠᠷᠭ᠎ᠠ ᠮᠠᠰᠢ ᠲᠤᠰᠠᠲᠠᠢ᠃ | ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠡᠷᠳᠡᠮᠲᠡᠳ ᠨᠠᠮᠤᠷ ᠤᠨ ᠤᠯᠠᠷᠢᠯ ᠳᠤ ᠥᠷᠯᠥᠭᠡ ᠪᠦᠷᠢ ᠰᠢᠩᠭᠡᠨ ᠪᠤᠳᠠᠭ᠎ᠠ ᠢᠳᠡᠬᠦ ᠶᠢ ᠰᠠᠨᠠᠭᠠᠴᠢᠯᠠᠳᠠᠭ᠂ | ᠤᠴᠢᠷ ᠨᠢ ᠨᠠᠮᠤᠷ ᠤᠨ ᠡᠬᠢ ᠪᠠᠷ ᠳᠡᠯᠢᠭᠦᠦ ᠬᠤᠳᠣᠭᠤᠳᠤ ᠬᠤᠭᠤᠰᠤᠷᠠᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠮᠠᠭᠤᠳᠠᠳᠠᠭ᠃ ᠡᠨᠡ ᠦᠶ᠎ᠡ ᠳᠤ ᠬᠡᠷᠪᠡ ᠪᠦᠯᠢᠶᠡᠨ | ᠢᠳᠡᠭᠡᠨ ᠢᠳᠡᠬᠦ᠂ ᠣᠨᠴᠠᠭᠠᠶᠢᠯᠠᠨ ᠬᠠᠯᠠᠭᠤᠨ ᠡᠮᠲᠦ ᠬᠤᠭᠤᠯᠠ ᠢᠳᠡᠪᠡᠯ ᠪᠡᠶ᠎ᠡ ᠳᠤ ᠰᠠᠶᠢᠨ᠂ ᠵᠢᠱᠢᠶᠡᠯᠡᠪᠡᠯ ᠰᠠᠷᠠᠨ᠎ᠠ ᠯᠢᠩᠬᠤ᠎ᠠ ᠶᠢᠨ ᠦᠷ᠎ᠡ ᠲᠠᠢ ᠰᠢᠩᠭᠡᠨ ᠪᠤᠳᠠᠭ᠎ᠠ | ᠮᠡᠲᠦ᠃ ᠡᠭᠦᠨ ᠠᠴᠠ ᠭᠠᠳᠠᠨ᠎ᠠ ᠲᠤᠲᠤᠷᠭ᠎ᠠ᠂ ᠰᠢᠯᠦᠬᠡᠢ ᠲᠤᠲᠤᠷᠭ᠎ᠠ ᠨᠢ ᠪᠦᠷ ᠳᠡᠯᠢᠭᠦᠦ ᠬᠤᠳᠣᠭᠤᠳᠤ ᠶᠢ ᠰᠠᠶᠢᠵᠢᠷᠠᠭᠤᠯᠵᠤ᠂ ᠬᠡᠢ ᠶᠢ ᠨᠥᠬᠦᠬᠦ ᠦᠢᠯᠡᠳᠦᠯ ᠢᠶᠠᠷ ᠮᠠᠰᠢ | ᠰᠠᠶᠢᠨ ᠪᠠᠶᠢᠳᠠᠭ᠃ | 4. ᠬᠡᠢ ᠴᠢᠰᠤ ᠶᠢ ᠨᠥᠬᠦᠬᠦ ᠳᠤ ᠡᠷᠲᠡ ᠤᠨᠲᠠᠬᠤ ᠬᠡᠷᠡᠭᠲᠡᠢ | ︽ᠬᠤᠸᠠᠩᠳᠢ ᠶᠢᠨ ᠳᠣᠲᠣᠷ ᠡᠮᠨᠡᠯᠭᠡ︾ ᠳᠤ ᠡᠷᠲᠡ ᠤᠨᠲᠠᠵᠤ ᠡᠷᠲᠡ ᠪᠣᠰᠬᠤ ᠨᠢ ᠨᠠᠮᠤᠷ ᠤᠨ ᠤᠯᠠᠷᠢᠯ ᠤᠨ ᠣᠨᠴᠠᠯᠢᠭ ᠲᠤ ᠵᠣᠬᠢᠴᠠᠬᠤ ᠶᠢᠨ ᠲᠥᠯᠥᠭᠡ ᠭᠡᠵᠦ | ᠲᠡᠮᠳᠡᠭᠯᠡᠵᠡᠢ᠃ ᠣᠷᠣᠢ ᠶᠢᠨ 11 ᠴᠠᠭ ᠠᠴᠠ ᠡᠮᠦᠨ᠎ᠡ ᠤᠨᠲᠠᠵᠤ᠂ ᠥᠷᠯᠥᠭᠡ ᠶᠢᠨ 6 ᠴᠠᠭ ᠤᠨ ᠦᠶ᠎ᠡ ᠪᠠᠷ ᠪᠣᠰᠪᠠᠯ ᠨᠡᠯᠢᠶᠡᠳ ᠲᠣᠬᠢᠷᠠᠮᠵᠢᠲᠠᠢ᠃ | ᠦᠷᠭᠦᠯᠵᠢ ᠰᠥᠨᠢᠵᠢᠨ ᠠᠵᠢᠯᠯᠠᠳᠠᠭ ᠬᠥᠮᠥᠨ ᠴᠠᠭ ᠲᠤᠬᠠᠢ ᠳᠤᠨᠢ ᠴᠢᠨᠠᠷ ᠰᠠᠶᠢᠲᠠᠢ ᠤᠭᠤᠷᠠᠭ ᠪᠣᠯᠣᠨ ᠸᠢᠲ᠋ᠠᠮᠢᠨ A ᠨᠥᠬᠦᠬᠦ ᠬᠡᠷᠡᠭᠲᠡᠢ᠃ ᠣᠷᠣᠢ | ᠤᠨᠲᠠᠬᠤ ᠠᠴᠠ ᠪᠠᠨ ᠡᠮᠦᠨ᠎ᠡ ᠬᠥᠯ ᠢᠶᠠᠨ ᠳᠡᠪᠲᠦᠭᠡᠪᠡᠯ ᠨᠣᠶᠢᠷ ᠬᠤᠯᠵᠢᠬᠤ ᠶᠢ ᠰᠡᠷᠭᠡᠶᠢᠯᠡᠨ᠎ᠡ᠃ | ᠡᠭᠦᠨ ᠠᠴᠠ ᠭᠠᠳᠠᠨ᠎ᠠ᠂ ᠥᠪᠡᠷ ᠢ ᠪᠠᠨ ᠲᠣᠬᠢᠷᠠᠭᠤᠯᠬᠤ ᠪᠠᠷ ᠳᠡᠮᠵᠢᠨ ᠬᠡᠢ ᠴᠢᠰᠤ ᠶᠢ ᠨᠥᠬᠦᠵᠦ ᠪᠣᠯᠣᠨ᠎ᠠ᠂ ᠢᠳᠡᠭᠡᠨ ᠤᠮᠳᠠᠭᠠᠨ ᠤ ᠲᠠᠯ᠎ᠠ ᠪᠠᠷ ᠭᠤᠱᠤᠭᠤᠨ᠂ | ᠰᠡᠷᠢᠭᠦᠨ᠂ ᠬᠦᠢᠲᠡᠨ ᠢᠳᠡᠭᠡᠨ ᠢ ᠪᠠᠭ᠎ᠠ ᠢᠳᠡᠵᠦ᠂ ᠰᠢᠩᠭᠡᠨ ᠰᠢᠮᠡᠯᠢᠭ ᠢᠳᠡᠭᠡᠨ ᠢᠶᠠᠷ ᠭᠤᠣᠯ ᠪᠣᠯᠭᠠᠨ᠎ᠠ᠃ ᠤᠯᠠᠭᠠᠨ ᠴᠢᠪᠠᠭ᠎ᠠ ᠲᠠᠢ ᠥᠨᠳᠡᠭᠡᠨ ᠱᠥᠯᠥ ᠬᠡᠢ ᠴᠢᠰᠤ ᠶᠢ | ᠰᠢᠮᠡᠵᠢᠭᠦᠯᠵᠦ ᠴᠢᠳᠠᠨ᠎ᠠ᠃ ᠰᠦᠨ ᠣᠷᠬᠤᠳᠠᠢ 9 ᠭᠷᠡᠮ᠂ ᠤᠯᠠᠭᠠᠨ ᠴᠢᠪᠠᠭ᠎ᠠ 20 ᠭᠷᠡᠮ᠂ ᠤᠯᠠᠭᠠᠨ ᠪᠤᠷᠴᠠᠭ 20 ᠭᠷᠡᠮ᠂ ᠬᠤᠯᠢᠮ᠎ᠠ ᠶᠢᠨ ᠴᠥᠮ᠎ᠡ 20 ᠭᠷᠡᠮ ᠢ | ᠤᠬᠢᠶᠠᠨ ᠴᠡᠪᠡᠷᠯᠡᠭᠡᠳ ᠬᠠᠮᠲᠤ ᠲᠣᠭᠤᠭᠠᠨ ᠳᠠᠭᠠᠨ ᠬᠢᠵᠦ᠂ ᠪᠤᠷᠠᠮ 20 ᠭᠷᠡᠮ᠂ ᠵᠣᠬᠢᠬᠤ ᠬᠡᠮᠵᠢᠶᠡᠨ ᠤ ᠤᠰᠤ ᠨᠡᠮᠡᠵᠦ ᠴᠢᠨᠠᠵᠤ ᠪᠤᠯᠭᠤᠨ᠎ᠠ᠃ ᠡᠨᠡ ᠨᠢ ᠨᠠᠮᠤᠷ ᠤᠨ | ᠰᠡᠷᠢᠭᠦᠦ ᠳᠤ ᠪᠡᠶ᠎ᠡ ᠲᠠᠮᠢᠷᠳᠠᠨ ᠰᠤᠯᠠᠷᠠᠬᠤ ᠶᠢ ᠵᠠᠰᠠᠬᠤ ᠳᠤ ᠲᠤᠰᠠᠲᠠᠢ᠃ | |