ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠰᠢᠨ᠎ᠡ ᠳᠡᠭᠲᠡᠷ ᠲᠤ ᠭᠠᠷᠪᠠ
ᠨᠡᠶᠢᠲᠡᠯᠡᠭᠰᠡᠨ ᠴᠠᠭ᠄
2024/10/22
      ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠲᠣᠮᠣ ᠣᠷᠣᠨ ᠠᠴᠠ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠡᠨᠡ ᠵᠢᠯ ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠰᠢᠨ᠎ᠡ ᠳᠡᠭᠲᠡᠷ ᠲᠤ ᠭᠠᠷᠪᠠ᠃      ᠮᠠᠨ ᠤ ᠣᠷᠣᠨ ᠡᠨᠡ ᠵᠢᠯ ᠠᠮᠤ ᠪᠤᠳᠠᠭᠠᠨ ᠤ ᠲᠠᠷᠢᠮᠠᠯ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠲᠠᠯᠠᠪᠠᠢ ᠶᠢ ᠲᠣᠭᠲᠠᠭᠤᠨ ᠤ ᠳᠤᠮᠳᠠ ᠨᠡᠮᠡᠭᠳᠡᠭᠦᠯᠵᠦ᠂ ᠤᠯᠤᠰ ᠠᠴᠠ ᠪᠠᠭᠤᠯᠭᠠᠭᠰᠠᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠪᠡ᠃ ᠡᠷᠳᠡᠨᠢ ᠰᠢᠰᠢ᠂ ᠪᠤᠭᠤᠳᠠᠢ᠂ ᠤᠰᠤᠨ ᠲᠤᠲᠤᠷᠭ᠎ᠠ ᠵᠡᠷᠭᠡ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠥᠪᠡᠷ ᠤᠨ ᠥᠷᠲᠡᠭ ᠤᠨ ᠪᠦᠷᠢᠨ ᠳᠠᠭᠠᠳᠬᠠᠯ ᠢ ᠠᠮᠤ ᠪᠤᠳᠠᠭᠠᠨ ᠤ ᠭᠠᠷᠤᠯᠲᠠ ᠶᠢᠨ ᠶᠡᠭᠡ ᠰᠢᠶᠠᠨ ᠢ ᠪᠦᠭᠦᠨ ᠢ ᠬᠠᠮᠤᠷᠤᠭᠤᠯᠵᠤ᠂ ᠮᠠᠯᠴᠢᠨ ᠲᠠᠷᠢᠶᠠᠴᠢᠳ ᠤᠨ ᠠᠮᠤ ᠪᠤᠳᠠᠭᠠᠨ ᠤ ᠲᠠᠷᠢᠮᠠᠯ ᠲᠠᠷᠢᠬᠤ ᠳᠤ ᠬᠦᠴᠦᠲᠦ ᠪᠠᠲᠤᠯᠠᠭ᠎ᠠ ᠬᠠᠩᠭᠠᠪᠠ᠃ ᠡᠭᠦᠨ ᠤ ᠬᠠᠮᠲᠤ ᠡᠷᠳᠡᠨᠢ ᠰᠢᠰᠢ᠂ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠢᠨᠵᠧᠨᠧᠷᠢᠩ ᠤᠨ ᠲᠥᠷᠥᠯ ᠵᠦᠢᠯ ᠢ 405 ᠲᠦᠮᠡᠨ ᠮᠦ ᠬᠡᠷᠡᠭᠵᠢᠭᠦᠯᠦᠨ᠂ ᠡᠭᠦᠷᠭᠡ ᠪᠠ ᠪᠡᠯᠡ ᠤᠷᠤᠭᠤᠯᠤᠯᠲᠠ  ᠶᠢᠨ ᠲᠠᠯ᠎ᠠ ᠪᠠᠷ ᠴᠥᠮ ᠪᠦᠭᠦ ᠤᠯᠤᠰ ᠤᠨ ᠲᠦᠷᠦᠭᠦᠨ ᠳᠤ ᠣᠷᠣᠵᠤ᠂ ᠠᠮᠤ ᠲᠤᠰᠤᠨ ᠤ ᠲᠠᠷᠢᠮᠠᠯ ᠵᠡᠷᠭᠡ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ  ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠣᠷᠣᠨ ᠤ ᠲᠠᠯᠠᠪᠠᠢ 1040 ᠲᠦᠮᠡᠨ ᠮᠦ ᠳᠤ ᠬᠦᠷᠴᠦ᠂ ᠨᠢᠳᠤᠨᠤᠨ ᠤ ᠬᠢ ᠠᠴᠠ 496 ᠲᠦᠮᠡᠨ ᠮᠦ ᠨᠡᠮᠡᠭᠳᠡᠨ᠂ ᠰᠢᠷ᠎ᠠ ᠪᠤᠷᠴᠠᠭ ᠡᠷᠳᠡᠨᠢ ᠰᠢᠰᠢ ᠶᠢᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ 40 ᠪᠠᠶᠢᠭᠤᠯᠪᠠ᠃ ᠠᠮᠤ ᠪᠤᠳᠠᠭᠠᠨ ᠤ ᠦᠢᠯᠡᠳᠪᠦᠷᠢᠯᠡᠯ ᠳᠤ ᠦᠷᠭᠦᠯᠵᠢᠯᠡᠨ ᠡᠯᠪᠡᠭ ᠬᠤᠷᠢᠶᠠᠯᠲᠠ ᠣᠯᠣᠭᠰᠠᠨ ᠪᠠᠶᠠᠷ ᠤᠨ ᠴᠢᠮᠡᠭᠡ ᠡᠯ᠎ᠡ ᠭᠠᠵᠠᠷ ᠠᠴᠠ ᠳᠤᠭᠤᠯᠳᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠵᠢᠱᠢᠯᠲᠡ ᠪᠠᠷ ᠡᠨᠡ ᠵᠢᠯ ᠪᠦᠭᠦ ᠣᠷᠣᠨ ᠤ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ ᠢ ᠳᠠᠪᠠᠭ᠋ᠤ ᠪᠣᠯᠣᠮᠵᠢ ᠲᠠᠢ ᠪᠠᠶᠢᠨ᠎ᠠ᠃      ᠮᠠᠯ ᠠᠵᠤ ᠠᠬᠤᠢ ᠶᠢᠨ ᠲᠠᠯ᠎ᠠ ᠪᠠᠷ ᠪᠦᠭᠦ ᠣᠷᠣᠨ ᠤ ᠡᠯ᠎ᠡ ᠭᠠᠵᠠᠷ ᠤᠨ ᠬᠢᠨ ᠬᠠᠰᠢᠶᠠᠯᠠᠨ ᠲᠡᠵᠢᠭᠡᠬᠦ ᠵᠠᠭᠪᠤᠷ ᠢ ᠢᠳᠡᠪᠬᠢᠲᠡᠢ ᠠᠬᠢᠭᠤᠯᠵᠤ᠂ ᠮᠢᠬᠠᠨ ᠤ ᠬᠤᠨᠢ  ᠶᠢᠨ ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠶ ᠶᠢ 166 ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠪᠣᠷᠳᠣᠨ ᠲᠠᠷᠭᠤᠯᠠᠭᠤᠯᠵᠤ ᠬᠤᠳᠠᠯᠳᠤᠭᠰᠠᠨ ᠮᠢᠬᠠᠨ ᠤ ᠦᠬᠡᠷ ᠨᠢᠭᠡᠨᠲᠡ 103 ᠲᠦᠮᠡ ᠳᠤ ᠬᠦᠷᠴᠡᠢ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠵᠤ᠂ ︽ᠰᠦ ᠶᠢᠨ ᠦᠢᠯᠡᠰ ᠤᠨ 33 ᠵᠤᠷᠪᠤᠰ︾ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠦᠨᠢᠶᠡᠨ ᠰᠦ ᠶᠢᠨ ᠭᠠᠷᠤᠯᠲᠠ 282.5 ᠲᠦᠮᠡᠨ ᠲᠣᠨ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ᠃ ᠡᠨᠡ ᠵᠢᠯ ᠪᠦᠭᠦ ᠣᠷᠣᠨ ᠢᠶᠠᠷ ᠢᠶᠠᠨ ᠨᠡᠶᠢᠳᠡ 1800 ᠲᠦᠮᠡᠨ ᠮᠦ ᠰᠥᠯ ᠰᠠᠶᠢᠲᠠᠢ ᠡᠪᠡᠰᠦ ᠲᠠᠷᠢᠵᠤ᠂ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ