︽ᠦᠶᠤᠸᠠᠨ ᠰᠢᠶᠠᠨ ᠤ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ( 2023 ᠣᠨ ᠤ ᠬᠡᠪᠯᠡᠯ )︾  ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2024/10/23
      ᠢᠳᠡᠭᠡᠨ ᠤ ᠠᠶᠤᠯ ᠦᠭᠡᠢ ᠶᠢᠨ ᠠᠳᠡᠯ ᠢ ᠪᠦᠲᠦᠮᠵᠢᠲᠡᠶ ᠠᠷᠭᠠᠴᠠᠵᠤ᠂ ᠠᠳᠡᠯ ᠤᠨ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠤᠰᠠᠳᠠ᠂ ᠲᠤᠰ ᠪᠡᠯᠡᠳᠬᠡᠯ ᠲᠥᠰᠥᠯ ᠢ ᠲᠣᠭᠲᠠᠭᠠᠪᠠ᠃      ᠨᠢᠭᠡ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︽ᠤᠯᠤᠰ ᠤᠨ ᠢᠳᠡᠭᠡᠨ ᠤ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ︽ᠪᠠᠶᠠᠨᠨᠠᠭᠤᠷ ᠬᠤᠲᠠ ᠶᠢᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠲᠤᠰ ᠪᠡᠯᠡᠳᠬᠡᠯ ᠲᠥᠰᠥᠯ ᠢ ᠲᠣᠭᠲᠠᠭᠠᠪᠠ᠃      ᠬᠤᠶᠠᠷ᠂ ᠠᠵᠢᠯ ᠤᠨ ᠵᠣᠷᠢᠯᠭ᠎ᠠ      ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠪᠤᠷᠠᠨ ᠲᠤᠰᠠᠯᠠᠬᠤ ᠰᠢᠰᠲ᠋ᠧᠮᠵᠢ ᠪᠣᠯᠣᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠤ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠨ᠂ ᠢᠳᠡᠪᠬᠢᠲᠡᠢ ᠠᠷᠭᠠᠴᠠᠵᠤ᠂ ᠴᠠᠭ ᠲᠤᠬᠠᠢ  ᠳᠤᠨᠢ ᠬᠢᠵᠠᠭᠠᠷᠯᠠᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ ᠵᠣᠬᠢᠶᠠᠨ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠠᠳᠡᠯ ᠤᠨ ᠤᠴᠠᠷᠠᠭᠤᠯᠤᠭᠰᠠᠨ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠭᠠᠵᠠᠷ ᠣᠷᠣᠨ ᠤ ᠠᠮᠤᠷ ᠲᠦᠪᠰᠢᠨ ᠪᠣᠯᠣᠨ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠨᠡᠶᠢᠲᠡ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠬᠢᠭᠡᠳ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠂ ᠦᠶᠤᠸᠠᠨ ᠰᠢᠶᠠᠨ ᠤ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ᠂ ᠴᠢᠨᠠᠷ ᠰᠠᠶᠢᠲᠠᠢ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃      ᠭᠤᠷᠪᠠ᠂ ᠬᠡᠷᠡᠭᠯᠡᠬᠦ ᠬᠡᠪᠴᠢᠶ᠎ᠡ      ᠲᠤᠰ ᠪᠡᠯᠡᠳᠬᠡᠯ ᠲᠥᠰᠥᠯ ᠢ ᠡᠩ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠢᠶᠠᠷᠤᠯᠲᠠ ᠳᠤ ᠬᠡᠷᠡᠭᠯᠡᠬᠦ ᠶᠢᠨ ᠬᠠᠮᠲᠤ ᠪᠦᠬᠦ ᠰᠢᠶᠠᠨ ᠤ ᠢᠳᠡᠭᠡᠨ ᠤ ᠵᠦᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ᠳᠥᠷᠪᠡ᠂ ᠭᠤᠣᠯ ᠠᠭᠤᠯᠭ᠎ᠠ᠄      ᠳᠣᠣᠷᠠᠬᠢ ᠲᠤᠯᠤᠭᠠᠨ ᠲᠠᠯ᠎ᠠ ᠶᠢᠨ ᠠᠭᠤᠯᠭ᠎ᠠ ᠶᠢ ᠳᠤᠷᠠᠳᠪᠠ᠄      1 . ᠶᠡᠷᠦᠩᠬᠡᠢ ᠳᠦᠷᠢᠮ      ᠭᠤᠣᠯᠳᠠᠭᠤ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠳᠡᠯ ᠢ ᠳᠡᠰ ᠬᠤᠪᠢᠶᠠᠬᠤ᠂ ᠠᠳᠡᠯ ᠢ ᠰᠢᠢᠳᠪᠦᠷᠢᠯᠡᠬᠦ ᠵᠠᠷᠴᠢᠮ ᠵᠡᠷᠭᠡ ᠲᠠᠪᠤᠨ ᠲᠠᠯ᠎ᠠ ᠠᠴᠠ ᠪᠡᠯᠡᠳᠬᠡᠯ ᠲᠥᠰᠥᠯ ᠳᠤ ᠶᠡᠷᠦᠩᠬᠡᠢ ᠲᠣᠳᠣᠷᠬᠠᠶᠢᠯᠠᠯᠲᠠ ᠬᠢᠨ᠎ᠡ᠃      2 . ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ      ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠡᠬᠢᠯᠡᠭᠦᠯᠬᠦ ᠲᠣᠭᠲᠠᠴᠠ᠂ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ᠂ ᠵᠢᠯᠤᠭᠤᠳᠬᠤ ᠭᠠᠵᠠᠷ ᠤᠨ ᠲᠤᠰᠢᠶᠠᠯ ᠬᠠᠷᠢᠭᠤᠴᠠᠯᠭ᠎ᠠ᠂ ᠵᠢᠯᠤᠭᠤᠳᠬᠤ ᠭᠠᠵᠠᠷ ᠤᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ᠂ ᠪᠦᠷᠢᠯᠳᠦᠭᠦᠨ ᠨᠢᠭᠡᠴᠢ ᠶᠢᠨ ᠲᠤᠰᠢᠶᠠᠯ ᠬᠠᠷᠢᠭᠤᠴᠠᠯᠭ᠎ᠠ᠂ ᠵᠢᠯᠤᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠪᠠᠶᠢᠷᠢᠯᠠᠭᠤᠯᠤᠯᠲᠠ ᠵᠢᠴᠢ ᠲᠤᠰᠢᠶᠠᠯ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠮᠡᠷᠭᠡᠵᠢᠯ ᠤᠨ ᠪᠠᠶᠢᠭᠤᠯᠤᠮᠵᠢ ᠵᠡᠷᠭᠡ ᠲᠤᠯᠤᠭᠠᠨ ᠲᠠᠯ᠎ᠠ ᠶᠢᠨ ᠪᠣᠳᠠᠲᠠᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃      3 . ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ      ᠮᠡᠳᠡᠭᠡ ᠵᠠᠩᠭᠢ ᠶᠢᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ᠂ ᠠᠵᠢᠯᠲᠠᠨ ᠵᠢᠴᠢ ᠮᠡᠷᠭᠡᠵᠢᠯ ᠤᠨ ᠪᠠᠲᠤᠯᠠᠭ᠎ᠠ᠂ ᠡᠳ᠋ ᠪᠣᠳᠠᠰ ᠬᠢᠭᠡᠳ ᠵᠠᠷᠤᠳᠠᠯ ᠤᠨ ᠪᠠᠲᠤᠯᠠᠭ᠎ᠠ᠂ ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ᠂ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠵᠡᠷᠭᠡ ᠵᠢᠷᠭᠤᠭᠠᠨ ᠲᠠᠯ᠎ᠠ ᠪᠠᠷ ᠲᠣᠳᠣᠷᠬᠠᠢ ᠲᠣᠳᠣᠷᠬᠠᠶᠢᠯᠠᠯᠲᠠ ᠬᠢᠨ᠎ᠡ᠃      4 . ᠬᠢᠨᠠᠨ ᠰᠢᠨᠵᠢᠵᠦ ᠰᠡᠷᠡᠮᠵᠢᠯᠡᠭᠦᠯᠬᠦ᠂ ᠮᠡᠳᠡᠭᠦᠯᠬᠦ ᠪᠠ ᠦᠨᠡᠯᠡᠨ ᠵᠢᠱᠢᠬᠦ      ᠢᠳᠡᠭᠡᠨ ᠤ ᠠᠮᠤᠷ ᠲᠦᠪᠰᠢᠨ ᠤ ᠠᠳᠡᠯ ᠤᠨ ᠬᠢᠨᠠᠨ ᠬᠡᠮᠵᠢᠵᠦ ᠰᠡᠷᠡᠮᠵᠢᠯᠡᠭᠦᠯᠬᠦ᠂ ᠠᠳᠡᠯ ᠢ ᠮᠡᠳᠡᠭᠦᠯᠬᠦ᠂ ᠠᠳᠡᠯ ᠢ ᠦᠨᠡᠯᠡᠨ ᠵᠢᠱᠢᠬᠦ ᠭᠤᠷᠪᠠᠨ ᠲᠠᠯ᠎ᠠ ᠶᠢᠨ ᠪᠣᠳᠠᠲᠠᠢ ᠠᠷᠭ᠎ᠠ ᠬᠡᠮᠵᠢᠶ᠎ᠡ ᠪᠣᠯᠣᠨ ᠳᠡᠰ ᠳᠠᠷᠠᠭᠠᠯᠠᠯ ᠢ ᠲᠣᠳᠣᠷᠬᠠᠶᠢᠯᠠᠪᠠ᠃      5 . ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ      ᠤᠷᠢᠳ ᠢᠶᠠᠷ ᠰᠢᠢᠳᠪᠦᠷᠢᠯᠡᠬᠦ᠂ ᠱᠠᠲᠤ ᠬᠤᠪᠢᠶᠠᠨ ᠳᠠᠭᠠᠬᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠪᠠᠶᠢᠴᠠᠭᠠᠨ ᠬᠡᠮᠵᠢᠵᠦ ᠵᠠᠳᠠᠯᠤᠯᠲᠠ ᠬᠢᠵᠦ ᠦᠨᠡᠯᠡᠨ ᠵᠢᠱᠢᠬᠦ᠂ ᠳᠠᠭᠠᠬᠤ ᠵᠡᠷᠭᠡ ᠳᠡᠰ ᠢ ᠲᠣᠬᠢᠷᠠᠭᠤᠯᠬᠤ ᠵᠢᠴᠢ ᠳᠠᠭᠤᠰᠬᠠᠬᠤ᠂ ᠮᠡᠳᠡᠭᠡ ᠵᠠᠩᠭᠢ ᠨᠡᠶᠢᠲᠡᠯᠡᠬᠦ ᠵᠡᠷᠭᠡ ᠵᠢᠷᠭᠤᠭᠠᠨ ᠲᠠᠯ᠎ᠠ ᠶᠢᠨ ᠰᠢᠢᠳᠪᠦᠷᠢᠯᠡᠬᠦ ᠵᠢᠷᠤᠮ ᠢ ᠲᠣᠳᠣᠷᠬᠠᠢ ᠲᠣᠭᠲᠠᠭᠠᠪᠠ᠃      6 . ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ      ᠢᠳᠡᠭᠡᠨ ᠤ ᠠᠶᠤᠯ ᠦᠭᠡᠢ ᠶᠢᠨ ᠠᠳᠡᠯ ᠤᠨ ᠰᠡᠭᠦᠯᠴᠢ ᠶᠢᠨ ᠬᠤᠭᠤᠴᠠᠭᠠᠨ ᠤ ᠬᠤᠶᠢᠨᠠᠬᠢ ᠶᠠᠪᠤᠳᠠᠯ ᠢ ᠰᠢᠢᠳᠪᠦᠷᠢᠯᠡᠬᠦ᠂ ᠱᠠᠩᠨᠠᠵᠤ ᠲᠣᠷᠭᠠᠬᠤ᠂ ᠳ᠋ᠦᠡᠭᠨᠡᠯᠲᠡ ᠬᠢᠬᠦ ᠵᠡᠷᠭᠡ ᠲᠠᠪᠤᠨ ᠲᠠᠯ᠎ᠠ ᠪᠠᠷ ᠲᠣᠳᠣᠷᠬᠠᠶᠢᠯᠠᠯᠲᠠ ᠬᠢᠨ᠎ᠡ᠃      7 . ᠳᠠᠭᠠᠯᠳᠤᠭᠤᠯᠤᠭᠰᠠᠨ ᠳᠦᠷᠢᠮ      ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ᠂ ᠪᠡᠯᠡᠳᠬᠡᠯ ᠲᠥᠰᠥᠯ ᠤᠨ ᠬᠠᠮᠢᠶᠠᠷᠤᠯᠲᠠ ᠬᠢᠭᠡᠳ ᠰᠢᠨᠡᠳᠬᠡᠬᠦ᠂ ᠪᠣᠯᠪᠠᠰᠤᠷᠠᠭᠤᠯᠬᠤ᠂ ᠰᠣᠷᠢᠯᠲᠠ ᠬᠢᠬᠦ᠂ ᠪᠡᠯᠡᠳᠬᠡᠯ ᠲᠥᠰᠥᠯ ᠢ ᠬᠡᠷᠡᠭᠵᠢᠭᠦᠯᠬᠦ ᠳᠤ ᠨᠥᠬᠦᠪᠦᠷᠢ ᠲᠣᠳᠣᠷᠬᠠᠶᠢᠯᠠᠯᠲᠠ ᠬᠢᠪᠡ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ