ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 7.2% ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/10/23
      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠨ ᠬᠤᠷᠠᠯᠳᠤᠭᠤᠯᠤᠭᠰᠠᠨ ᠪᠦᠭᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.4 ᠬᠤᠪᠢ ᠳᠠᠪᠠᠵᠤ᠂ 15 ᠰᠠᠷ᠎ᠠ ᠳᠠᠷᠠᠭᠠᠯᠠᠨ 7% ᠶᠢ ᠳᠠᠪᠠᠵᠠᠢ᠃      ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠣᠷᠴᠢᠵᠤ᠂ ᠰᠢᠨ᠎ᠡ ᠬᠥᠳᠡᠯᠭᠡᠬᠦ ᠡᠨᠧᠷᠭᠢ ᠶᠢᠨ ᠨᠡᠮᠡᠭᠳᠡᠯ ᠤᠨ ᠬᠠᠨᠳᠤᠰᠢ ᠡᠷᠴᠢᠮᠲᠡᠢ ᠪᠠᠶᠢᠯ᠎ᠠ᠃ ᠠᠵᠤ ᠦᠢᠯᠡᠳᠪᠦᠷᠢ ᠶᠢᠨ ᠭᠤᠷᠪᠠᠨ ᠶᠡᠭᠡ ᠲᠦᠷᠦᠯ ᠵᠦᠢᠯ ᠤᠨ ᠬᠤᠪᠢ ᠳᠤ᠂ ᠪᠦᠭᠦ ᠣᠷᠣᠨ ᠤ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ 9% ᠪᠠᠷ ᠨᠡᠮᠡᠭᠳᠡᠨ᠂ ᠴᠠᠭᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 9.9% ᠪᠠᠷ ᠨᠡᠮᠡᠭᠳᠡᠵᠡᠢ᠃ ᠰᠢᠨ᠎ᠡ ᠬᠥᠳᠡᠯᠭᠡᠬᠦ ᠡᠨᠧᠷᠭᠢ ᠶᠢᠨ ᠬᠤᠪᠢ ᠳᠤ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 31.6% ᠪᠠᠷ ᠨᠡᠮᠡᠭᠳᠡᠨ᠂ ᠲᠤᠰ ᠲᠤᠰ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠠᠴᠠ ᠵᠠᠭᠤᠨ ᠤ ᠬᠠᠷᠢᠴᠠᠯ ᠢᠶᠠᠷ 34.6 ᠬᠤᠪᠢ ᠪᠠ 24.4 ᠬᠤᠪᠢ ᠳᠠᠪᠠᠪᠠ᠃ ᠠᠵᠤ ᠠᠬᠤᠢ ᠶᠢᠨ ᠲᠦᠷᠦᠯ ᠭᠡᠯᠪᠡᠷᠢ ᠶᠢᠨ ᠬᠤᠪᠢ ᠳᠤ᠂ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ  ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠬᠤᠪᠢᠴᠠᠭᠠᠳᠤ ᠳᠦᠷᠢᠮ ᠤᠨ ᠠᠵᠤ ᠠᠬᠤᠶᠢᠯᠠᠯ ᠤᠨ ᠨᠡᠮᠡᠭᠳᠡᠯ ᠦᠷᠳᠡᠭ 7.4% ᠪᠠᠷ ᠨᠡᠮᠡᠭᠳᠡᠨ᠂ ᠭᠠᠳᠠᠭᠠᠳᠤ ᠶᠢᠨ ᠠᠷᠠᠯᠵᠢᠶᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠦᠷᠳᠡᠭ 3.7% ᠪᠠᠷ ᠨᠡᠮᠡᠭᠳᠡᠵᠡᠢ᠃ ᠭᠤᠣᠯ ᠪᠤᠯᠬᠤ ᠦᠢᠯᠡᠳᠬᠦᠨ ᠤ ᠬᠤᠪᠢ ᠳᠤ᠂ ᠲᠦᠭᠦᠬᠡᠢ ᠨᠡᠭᠦᠷᠡᠰᠦ ᠶᠢᠨ ᠭᠠᠷᠤᠯᠲᠠ 9.5 ᠳ᠋ᠦᠩᠰᠢᠭᠤᠷ ᠳᠤᠨ ᠳᠤ ᠬᠦᠷᠴᠦ 4.6% ᠪᠠᠷ ᠨᠡᠮᠡᠭᠳᠡᠨ᠂ ᠨᠡᠶᠢᠳᠡ 5990.7 ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ 9.6% ᠪᠠᠷ ᠨᠡᠮᠡᠭᠳᠡᠪᠡ; 2550.6 ᠲᠦᠮᠡᠨ ᠳᠤᠨ ᠪᠣᠯᠣᠳ ᠮᠠᠲ᠋ᠧᠷᠢᠶᠠᠯ ᠦᠢᠯᠡᠳᠪᠦᠷᠢᠯᠡᠵᠦ 1.5% ᠪᠠᠷ ᠨᠡᠮᠡᠭᠳᠡᠨ᠂ ᠬᠤᠪᠣᠷ ᠰᠢᠷᠣᠢ ᠶᠢᠨ ᠨᠢᠭᠡᠳᠪᠦᠷᠢ ᠪᠣᠳᠠᠰ ᠪᠠ ᠤᠯᠠᠨ ᠲᠠᠯᠠᠰᠲᠤ ᠴᠠᠬᠢᠭᠤᠷ ᠤᠨ ᠭᠠᠷᠤᠯᠲᠠ ᠲᠤᠰᠪᠤᠷᠢ 2.4 ᠳᠠᠭᠢᠨ ᠪᠠ 1.2 ᠳᠠᠭᠢᠨ ᠨᠡᠮᠡᠭᠳᠡᠵᠡᠢ᠃ ᠡᠨᠡ ᠵᠢᠯ ᠤᠨ ᠲᠦᠷᠦᠭᠦᠤ 8 ᠰᠠᠷ᠎ᠠ ᠳᠤ ᠪᠦᠭᠦ ᠣᠷᠣᠨ ᠤ ᠬᠡᠪᠴᠢᠶᠡᠵᠢᠯ  ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 18856.4 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠡᠭᠦᠳᠴᠦ᠂ 2014.5 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠣᠯᠣᠭᠰᠠᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ