10 ᠰᠠᠷ᠎ᠠ ᠶᠢᠨ 28 ᠤ ᠡᠳᠦᠷ ᠠᠴᠠ 10 ᠰᠠᠷ᠎ᠠ ᠶᠢᠨ 29 ᠤ ᠡᠳᠦᠷ ᠪᠣᠯᠲᠠᠯ᠎ᠠ᠂ ᠾᠧ ᠱᠧᠩ ᠰᠤᠮᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ᠃ ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ | ᠶᠣᠰᠣᠲᠠᠢ ᠲᠥᠯᠥᠭᠡᠯᠡᠭᠴᠢ 53 ᠬᠥᠮᠥᠨ᠂ ᠤᠴᠢᠷ ᠶᠠᠪᠤᠳᠠᠯ ᠡᠪᠡᠳᠴᠢᠨ ᠠᠴᠠ ᠪᠣᠯᠵᠤ 8 ᠬᠥᠮᠥᠨ ᠴᠢᠯᠦᠭᠡ ᠭᠤᠶᠤᠪᠠ᠂ ᠪᠣᠳᠠᠲᠠᠢ ᠣᠷᠣᠯᠴᠠᠭᠰᠠᠨ ᠨᠢ 45 | ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ ᠰᠤᠮᠤ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠢᠰᠢ ᠰᠤᠮᠤ ᠪᠠᠯᠭᠠᠰᠤᠨ ᠤ ᠰᠠᠯᠠᠭᠠᠨ ᠳᠡᠰ ᠤᠨ ᠤᠳᠤᠷᠢᠳᠬᠤ ᠺᠠᠳ᠋ᠷ᠂ ᠡᠯ᠎ᠡ ᠥᠷᠲᠡᠭᠡᠨ ᠤ ᠠᠯᠪᠠᠨ ᠭᠡᠷ᠂ ᠰᠤᠮᠤ ᠳᠤ ᠰᠠᠭᠤᠭ᠎ᠠ ᠨᠢᠭᠡᠴᠢ ᠶᠢᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ᠂ ᠶᠡᠭᠡ ᠬᠤᠷᠠᠯ ᠢ ᠾᠧ ᠱᠧᠩ ᠰᠤᠮᠤ ᠶᠢᠨ ᠨᠠᠮ ᠤᠨ ᠬᠤᠷᠢᠶᠠᠨ ᠤ ᠱᠦᠵᠢ ᠭᠦᠩ ᠵᠢᠶᠦ᠋ᠨ ᠡᠷᠬᠢᠯᠡᠵᠦ᠂ | ᠲᠣᠭᠲᠠᠭᠰᠠᠨ ᠳᠡᠰ ᠳᠠᠷᠠᠭᠠᠯᠠᠯ ᠶᠣᠰᠣᠭᠠᠷ ᠲᠥᠪ ᠴᠢᠩᠭ᠎ᠠ ᠡᠮᠬᠢ ᠵᠢᠷᠤᠮ ᠲᠠᠢ ᠶᠠᠪᠤᠭᠳᠠᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠪᠡ᠃ | ᠶᠡᠭᠡ ᠬᠤᠷᠠᠯ ᠠᠴᠠ ᠾᠧ ᠱᠧᠩ ᠰᠤᠮᠤ ᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ | ᠳᠡᠳ᠋ ᠰᠤᠮᠤ ᠶᠢᠨ ᠳᠠᠷᠤᠭ᠎ᠠ ᠶᠢ ᠰᠣᠩᠭᠤᠨ ᠭᠠᠷᠭᠠᠵᠤ᠂ ᠾᠧ ᠱᠧᠩ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠵᠢᠷᠭᠤᠳᠤᠭᠠᠷ | ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠢ ᠨᠥᠬᠦᠪᠦᠷᠢᠯᠡᠨ ᠰᠣᠩᠭᠤᠪᠠ᠃ | ᠲᠤᠰ ᠤᠳᠠᠭᠠᠨ ᠤ ᠶᠡᠭᠡ ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠰᠤᠮᠤᠨ ᠳᠠᠷᠤᠭ᠎ᠠ᠂ | ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠤ ᠰᠣᠩᠭᠤᠭᠤᠯᠢ ᠶᠢᠨ ᠫᠢᠶᠣᠣ ᠶᠢ ᠲᠤᠰ ᠪᠦᠷᠢ 45 ᠬᠤᠪᠢ ᠲᠠᠷᠬᠠᠭᠠᠵᠤ᠂ ᠡᠯ᠎ᠡ ᠰᠣᠩᠭᠤᠭᠤᠯᠢ ᠶᠢᠨ | ᠫᠢᠶᠣᠣ ᠶᠢ 45 ᠬᠤᠪᠢ ᠬᠤᠷᠢᠶᠠᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠰᠤᠮᠤᠨ ᠳᠠᠷᠤᠭ᠎ᠠ ᠶᠢᠨ | ᠰᠣᠩᠭᠤᠭᠤᠯᠢ ᠶᠢᠨ ᠫᠢᠶᠣᠣ ᠶᠢ ᠪᠦᠬᠦᠨ ᠢᠶᠠᠷ ᠨᠢ ᠪᠠᠲᠤᠯᠠᠵᠤ᠂ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠤ ᠰᠣᠩᠭᠤᠭᠤᠯᠢ ᠶᠢᠨ ᠫᠢᠶᠣᠣ ᠶᠢ 44 ᠫᠢᠶᠣᠣ | ᠵᠥᠪᠰᠢᠶᠡᠷᠡᠵᠦ᠂ 1 ᠫᠢᠶᠣᠣ ᠡᠷᠬᠡ ᠪᠠᠨ ᠬᠠᠶᠠᠪᠠ᠃ ᠰᠦᠨ ᠵᠢᠦᠢ ᠮᠣᠣ ᠶᠢ ᠾᠧ ᠱᠧᠩ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠪᠠᠷ | ᠰᠣᠩᠭᠤᠵᠤ᠂ ᠭᠤᠤ ᠮᠢᠨ᠂ ᠵᠠᠩ ᠠᠨ ᠳ᠋ᠦᠩ ᠢ ᠵᠠᠰᠠᠭ ᠤᠨ ᠣᠷᠳᠣᠨ ᠤ ᠳᠡᠳ᠋ ᠰᠤᠮᠤ ᠶᠢᠨ ᠳᠠᠷᠤᠭ᠎ᠠ ᠪᠠᠷ ᠰᠣᠩᠭᠤᠵᠤ᠂ ᠮᠢᠶᠣᠣ ᠬᠤᠢ ᠶᠢ ᠾᠧ ᠱᠧᠩ ᠰᠤᠮᠤ ᠶᠢᠨ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠢᠶᠠᠷ ᠨᠥᠬᠦᠨ | ᠰᠣᠩᠭᠤᠪᠠ᠃ | ᠰᠢᠨ᠎ᠡ ᠪᠠᠷ ᠰᠣᠩᠭᠤᠭᠳᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠰᠤᠮᠤ ᠶᠢᠨ ᠳᠠᠷᠤᠭ᠎ᠠ᠂ ᠲᠡᠷᠢᠭᠦᠯᠡᠭᠴᠢᠳ ᠤᠨ | ᠪᠦᠯᠬᠦᠮ ᠤᠨ ᠪᠦᠷᠢᠯᠳᠦᠭᠦᠨ ᠦᠨᠳᠦᠰᠦᠨ ᠬᠠᠤᠯᠢ ᠳᠤ ᠲᠠᠩᠭᠠᠷᠢᠭᠯᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠰᠦᠨ ᠵᠢᠦᠢ ᠮᠣᠣ ᠨᠥᠬᠦᠷ ᠰᠢᠨ᠎ᠡ ᠪᠠᠷ ᠰᠣᠩᠭᠤᠭᠳᠠᠭᠰᠠᠨ ᠬᠥᠮᠥᠰ ᠢ ᠲᠥᠯᠥᠭᠡᠯᠡᠨ | ᠣᠪᠣᠷ ᠢᠶᠠᠨ ᠢᠯᠡᠳᠬᠡᠬᠦ ᠦᠭᠡ ᠬᠡᠯᠡᠪᠡ᠃ | ᠬᠤᠷᠠᠯ ᠠᠴᠠ ᠲᠠᠷᠠᠭᠠᠴᠢ ᠶᠢᠨ ᠠᠯᠬᠤᠮ ᠳᠤ᠂ ᠪᠥᠬᠦ ᠰᠤᠮᠤ ᠳᠠᠶᠠᠭᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ | ᠵᠠᠩᠭᠢᠯᠠᠭ᠎ᠠ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠤᠨ ᠵᠠᠰᠠᠯᠲᠠ ᠪᠠᠷ ᠭᠤᠣᠯᠳᠠᠯᠭ᠎ᠠ ᠪᠣᠯᠭᠠᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢᠶᠠᠷ ᠦᠨᠳᠦᠰᠦ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠪᠣᠳᠣᠯ ᠢᠶᠠᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠠᠵᠠ ᠲᠣᠬᠢᠶᠠᠯ ᠢ ᠠᠮᠵᠢᠵᠤ᠂ ᠠᠷᠠᠳ ᠲᠦᠮᠡᠨ ᠤ ᠵᠣᠯ ᠵᠢᠷᠭᠠᠯᠲᠤ ᠶᠡᠭᠡ ᠰᠠᠶᠢᠬᠠᠨ ᠪᠠ ᠢᠯᠠᠯᠲᠠ ᠶᠢ ᠴᠢᠷᠮᠠᠶᠢᠨ ᠣᠯᠰᠤᠭᠠᠢ ᠭᠡᠵᠦ ᠤᠷᠢᠶᠠᠯᠠᠪᠠ᠃ |