10 ᠰᠠᠷ᠎ᠠ ᠶᠢᠨ 25 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠦᠶᠤᠸᠠᠨ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ | ᠬᠤᠷᠢᠶᠠᠨ ᠤ ᠭᠡᠰᠢᠭᠦᠳ ᠤᠨ ᠠᠷᠪᠠᠨ ᠨᠢᠭᠡᠳᠦᠭᠡᠷ ᠬᠤᠷᠠᠯ ᠬᠤᠷᠠᠯᠳᠤᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠠᠨ ᠮᠧᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢ ᠳ᠋ᠦᠩ᠂ | ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠠᠭᠠᠨᠴᠢᠯᠠᠭᠤ᠂ ᠽᠦᠸᠧ ᠰᠢᠶᠣᠣ ᠽᠧᠩ᠂ ᠸᠠᠩ ᠯᠢ ᠰᠢᠶᠠ᠂ ᠯᠢᠦᠢ ᠵᠥᠩ ᠫᠢᠩ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤᠯᠤᠰ ᠲᠦᠷᠦ ᠶᠢᠨ ᠵᠥᠪᠯᠡᠯᠭᠡᠨ ᠤ | ᠪᠠᠶᠢᠴᠠᠭᠠᠨ ᠰᠤᠳᠤᠯᠬᠤ ᠳᠤᠭᠤᠶᠢᠯᠠᠩ ᠢ ᠲᠥᠯᠥᠭᠡᠯᠡᠨ ︽︿ᠳᠥᠷᠪᠡ ᠶᠢ ᠲᠣᠭᠲᠠᠭᠠᠬᠤ᠂ ᠳᠥᠷᠪᠡ ᠶᠢ ᠲᠣᠭᠲᠠᠭᠠᠬᠤ﹀ ᠵᠠᠷᠴᠢᠮ ᠢ ᠪᠠᠷᠢᠮᠲᠠᠯᠠᠵᠤ᠂ ᠲᠠᠷᠢᠶᠠᠯᠠᠩ ᠤᠨ | ᠭᠦᠨ ᠤᠰᠤ ᠠᠷᠪᠢᠯᠠᠬᠤ ᠤᠰᠤ ᠬᠢᠵᠠᠭᠠᠷᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ | ᠬᠢᠵᠦ᠂ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠲᠤᠭᠤᠷᠢᠬᠤ ᠪᠠᠯᠭᠠᠰᠤ ᠵᠡᠷᠭᠡ ᠰᠠᠯᠠᠭ᠎ᠠ ᠮᠥᠴᠢᠷ ᠪᠣᠯᠣᠨ ᠰᠤᠮᠤ ᠪᠠᠯᠭᠠᠰᠤᠨ ᠤ ᠬᠠᠷᠢᠭᠤᠴᠠᠯᠭᠠᠲᠠᠨ ᠲᠡᠰ ᠳᠠᠷᠠᠭᠠᠯᠠᠨ ᠵᠥᠪᠳᠡᠯᠴᠡᠵᠦ | ᠦᠭᠡ ᠬᠡᠯᠡᠵᠦ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠯᠢᠦ ᠶᠠᠨ ᠴᠢᠩ ︽ᠲᠠᠷᠢᠶᠠᠯᠠᠩ ᠤᠨ ᠭᠦᠨ ᠤᠰᠤ ᠠᠷᠪᠢᠯᠠᠬᠤ ᠤᠰᠤ | ᠬᠢᠵᠠᠭᠠᠷᠯᠠᠬᠤ︾ ᠠᠵᠢᠯ ᠤᠨ ᠲᠣᠭᠤᠷᠢᠨ ᠳᠤ ᠦᠭᠡ ᠬᠡᠯᠡᠪᠡ᠃ | ᠯᠢ ᠳ᠋ᠦᠩ ᠵᠢᠭᠠᠵᠦ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶ᠎ᠠ ᠪᠣᠯᠣᠨ ᠡᠯ᠎ᠡ ᠡᠲᠡᠭᠡᠳ ᠤᠨ ᠭᠡᠰᠢᠭᠦᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠳᠤ ᠦᠶ᠎ᠡ ᠶᠢᠨ ᠬᠥᠳᠡᠭᠡ ᠠᠵᠤ ᠠᠬᠤᠢ | ᠂ ᠤᠰᠤ ᠠᠷᠪᠢᠯᠠᠬᠤ ᠤᠰᠤ ᠶᠢ ᠡᠵᠡᠮᠳᠡᠬᠦ ᠵᠡᠷᠭᠡ ᠡᠯ᠎ᠡ ᠬᠦᠷᠢᠶᠡᠨ ᠳᠤ ᠥᠷᠭᠡᠨ ᠢᠶᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠤᠰ | ᠲᠦᠷᠦ ᠶᠢᠨ ᠵᠥᠪᠯᠡᠯᠭᠡ ᠬᠢᠬᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠰᠢᠶᠠᠨ ᠤ ᠬᠡᠪᠴᠢᠶᠡᠨ ᠤ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠦᠷᠭᠦᠯᠵᠢᠯᠡᠨ ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠤᠰᠤ ᠠᠷᠪᠢᠯᠠᠬᠤ ᠤᠰᠤ ᠶᠢ ᠡᠵᠡᠮᠳᠡᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠪᠠᠷ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠶᠢᠨ ᠴᠢᠬᠤᠯᠠ ᠠᠭᠤᠯᠭ᠎ᠠ ᠪᠠᠨ ᠪᠣᠯᠭᠠᠵᠤ᠂ ᠭᠤᠣᠯ | ᠶᠡᠭᠡ ᠲᠠᠯ᠎ᠠ ᠶᠢᠨ ᠲᠣᠭᠤᠷᠢᠨ ᠳᠤ᠂ ᠰᠣᠳᠣ ᠮᠡᠷᠭᠡᠨ ᠰᠠᠨᠠᠯ ᠰᠠᠨᠠᠭᠤᠯᠭ᠎ᠠ ᠳᠤᠷᠠᠳᠴᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠭᠠᠷᠭᠠᠵᠤ᠂ ᠬᠥᠭᠵᠢᠯᠲᠡ ᠶᠢᠨ | ᠬᠦᠴᠦᠨ ᠢ ᠭᠦᠢᠴᠡᠳ ᠡᠷᠭᠦᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠲᠥᠷᠥ ᠶᠢᠨ ᠵᠥᠪᠯᠡᠯᠭᠡᠨ ᠤ ᠲᠠᠯ᠎ᠠ ᠪᠠᠷ ᠡᠮᠬᠢ ᠵᠢᠷᠤᠮ ᠲᠠᠢ ᠥᠨᠳᠥᠷ ᠪᠦᠲᠦᠮᠵᠢᠲᠡᠶ | ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠲᠠᠯ᠎ᠠ ᠪᠠᠷ ᠥᠷᠭᠡᠨ ᠳᠡᠯᠭᠡᠷ ᠭᠦᠨᠵᠡᠭᠡᠢ᠂ ᠠᠷᠠᠳᠴᠢᠯᠠᠯ ᠢᠶᠠᠷ ᠬᠢᠨᠠᠯᠲᠠ ᠲᠠᠯᠪᠢᠬᠤ | ᠲᠠᠯ᠎ᠠ ᠪᠠᠷ ᠯᠠᠪᠳᠠᠭᠤᠨ ᠬᠦᠴᠦᠲᠡᠢ ᠪᠠᠶᠢᠵᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠬᠦ ᠰᠢᠨ᠎ᠡ ᠠᠶᠠᠨ ᠵᠠᠮ ᠳᠤ᠂ | ᠦᠶᠤᠸᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ᠃ | ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠦᠶᠤᠸᠠᠨ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ | ᠨᠢᠭᠡᠳᠦᠭᠡᠷ ᠤᠳᠠᠭ᠎ᠠ ᠶᠢᠨ ᠲᠥᠪᠯᠡᠷᠡᠩᠭᠦᠢ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠯᠢ ᠵᠢᠩ᠂ ᠴᠦ᠋ ᠮᠧᠶ ᠰᠢᠶᠠ | ᠲᠤᠰᠢᠶᠠᠯ ᠤᠨ ᠮᠡᠳᠡᠭᠦᠯᠦᠯᠲᠡ ᠬᠢᠵᠡᠢ᠃ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠠᠮᠢᠶ᠎ᠠ ᠪᠦᠬᠦᠢ | ᠵᠦᠢᠯᠡᠰ ᠢ ᠬᠢᠨᠠᠨ ᠵᠥᠪᠯᠡᠵᠦ ᠪᠠᠲᠤᠯᠠᠪᠠ᠃ | ᠵᠠᠨ ᠮᠧᠶ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭᠠᠨ ᠤ ᠮᠠᠰᠢ ᠴᠢᠬᠤᠯᠠ ᠬᠤᠷᠠᠯ ᠮᠥᠨ᠃ | ᠪᠠᠶᠢᠩᠭᠤ ᠶᠢᠨ ᠬᠤᠷᠢᠶᠠᠨ ᠤᠭᠡᠰᠢᠭᠦᠳ ᠤᠯᠤᠰ ᠲᠦᠷᠦ ᠶᠢᠨ ᠴᠢᠭᠯᠡᠯ ᠢᠶᠠᠨ ᠪᠠᠲᠤ ᠡᠵᠡᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨ ᠬᠦ | ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ | ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ︾ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠶᠢ ᠪᠠᠷᠢᠮᠲᠠᠯᠠᠵᠤ᠂ | ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠣᠶᠢᠯᠠᠭᠠᠭᠳᠠᠬᠤᠨ ᠢ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠤᠨ ᠪᠦᠬᠦ | ᠶᠠᠪᠤᠴᠠ ᠳᠤ ᠲᠤᠭᠤᠰᠢᠯᠠᠭᠤᠯᠵᠤ᠂ ᠮᠠᠨ ᠤ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ | ᠲᠦᠮᠡᠨ ᠲᠠᠢ ᠬᠠᠷᠢᠯᠴᠠᠬᠤ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ | ᠵᠥᠪᠯᠡᠯᠭᠡᠨ ᠤ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠪᠠᠷ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠷᠡ | ᠶᠣᠰᠣᠭᠠᠷ ᠨᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ | |