ᠮᠠᠨ ᠤ ᠬᠤᠲᠠ ︽ᠭᠡᠭᠡᠨ ᠰᠠᠷᠠᠭᠤᠯ ᠢᠨᠵᠧᠨᠧᠷᠢᠩ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠪᠥᠬᠦ ᠴᠠᠷᠠᠭ᠎ᠠ ᠪᠠᠷ ᠬᠠᠮᠤᠷᠬᠤ᠂ ᠪᠥᠬᠦ ᠰᠦᠯᠵᠢᠶ᠎ᠡ ᠪᠠᠷ ᠬᠠᠮᠲᠤ ᠪᠠᠷ ᠡᠳ᠋ᠯᠡᠬᠦ᠂ ᠬᠡᠷᠡᠭᠯᠡᠵᠦ ᠪᠣᠯᠬᠤ᠂ ᠪᠥᠬᠦ ᠶᠠᠪᠤᠴᠠ ᠶᠢ ᠡᠵᠡᠮᠳᠡᠵᠦ ᠪᠣᠯᠬᠤ ᠣᠯᠠᠨ | ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠠᠩ ᠥᠨᠳᠥᠷ ᠬᠢᠷᠢ | ᠲᠦᠪᠰᠢᠨ ᠪᠦᠬᠦᠢ ᠠᠮᠤᠷ ᠠᠮᠤᠭᠤᠯᠠᠩ ᠪᠠᠶᠠᠨᠨᠠᠭᠤᠷ ᠢ ᠪᠦᠲᠦᠭᠡᠨ ᠪᠠᠶᠢᠭᠤᠯᠬᠤ ᠶᠢᠨ ᠲᠥᠯᠥᠭᠡ ᠰᠢᠨᠵᠢᠯᠡᠬᠦ ᠤᠬᠠᠭᠠᠨᠴᠢᠯᠠᠭᠰᠠᠨ᠂ ᠣᠶᠤᠨᠴᠢᠯᠠᠭᠰᠠᠨ ᠠᠮᠤᠷ | ᠲᠦᠪᠰᠢᠨ ᠤ ᠪᠠᠲᠤᠯᠠᠪᠤᠷᠢ ᠶᠢ ᠬᠠᠩᠭᠠᠭᠰᠠᠨ ᠪᠠᠶᠢᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠯᠪᠤᠷᠢ ᠠᠩᠭᠢ ᠳᠤ | ᠠᠷᠠᠳ ᠤᠨ ᠴᠠᠭᠳᠠᠭ᠎ᠠ ᠰᠠᠶ᠋ᠢᠬᠠᠨ ᠠᠰᠢᠭᠯᠠᠯᠲᠠ ᠳᠤ ᠣᠷᠣᠭᠤᠯᠤᠭᠰᠠᠨ ︽ᠭᠡᠭᠡᠨ ᠰᠠᠷᠠᠭᠤᠯ ᠢᠨᠵᠧᠨᠧᠷᠢᠩ︾ ᠤᠨ ᠳᠠᠪᠲᠠᠮᠵᠢ ᠶᠢᠨ ᠵᠢᠷᠤᠭ ᠳᠦᠷᠰᠦ ᠶᠢᠨ | ᠬᠡᠷᠡᠭᠯᠡᠭᠡᠨ ᠤ ᠲᠠᠪᠴᠠᠩ ᠪᠠ ᠪᠠᠶᠢᠷᠢᠯᠠᠭᠤᠯᠤᠯᠲᠠ ᠶᠢᠨ ᠬᠢᠨᠠᠨ ᠡᠵᠡᠮᠳᠡᠬᠦ ᠲᠤᠷᠠᠨ ᠬᠠᠷᠠᠭ᠎ᠠ ᠶᠢᠨ ᠬᠡᠷᠡᠭᠯᠡᠯᠲᠡ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ ᠪᠠᠶᠢᠯ᠎ᠠ᠃ | ᠡᠨᠡᠬᠦ ᠲᠠᠪᠴᠠᠩ ᠳᠡᠭᠡᠷ᠎ᠡ ᠠᠴᠠ ᠠᠷᠠᠳ ᠤᠨ ᠴᠠᠭᠳᠠᠭ᠎ᠠ ᠬᠡᠷᠡᠭ ᠰᠢᠢᠳᠪᠦᠷᠢᠯᠡᠬᠦ ᠱᠠᠭᠠᠷᠳᠠᠯᠭ᠎ᠠ ᠪᠠᠷ ᠮᠠᠨ ᠤ ᠬᠤᠲᠠ ᠶᠢᠨ 7 ᠬᠤᠰᠢᠭᠤ ᠰᠢᠶᠠᠨ ᠲᠣᠭᠤᠷᠢᠭ ᠤᠨ | ᠠᠳᠠᠯᠢ ᠪᠤᠰᠤ ᠵᠠᠮ᠂ ᠵᠠᠮ ᠬᠠᠷᠢᠯᠴᠠᠭᠠᠨ ᠤ ᠠᠭᠤᠯᠵᠠᠷ ᠪᠠ ᠭᠤᠣᠯ ᠪᠣᠯᠬᠤ ᠣᠯᠠᠨ ᠨᠡᠶᠢᠲᠡ ᠶᠢᠨ ᠲᠠᠯᠠᠪᠤᠷ ᠵᠡᠷᠭᠡ ᠭᠠᠵᠠᠷ ᠤᠨ ᠲᠤᠬᠠᠢ ᠶᠢᠨ ᠴᠠᠭ ᠤᠨ ᠪᠠᠶᠢᠳᠠᠯ ᠵᠢᠴᠢ | ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠪᠠᠶᠢᠴᠠᠭᠠᠨ ᠦᠵᠡᠵᠦ ᠪᠣᠯᠣᠨ᠎ᠠ᠃ | ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠯᠪᠤᠷᠢ | ᠠᠩᠭᠢ ᠶᠢᠨ ᠴᠠᠭᠳᠠᠭ᠎ᠠ ᠰᠢᠩ ᠯᠦ ᠰᠤᠷᠪᠤᠯᠵᠢᠯᠠᠭᠴᠢ ᠳᠤ ᠤᠤᠯ ᠨᠢ ᠠᠷᠠᠳ ᠤᠨ ᠴᠠᠭᠳᠠᠭ᠎ᠠ ᠬᠡᠷᠡᠭ ᠢ ᠮᠦᠷᠳᠡᠨ ᠲᠣᠳᠣᠯᠠᠬᠤ ᠳᠤ ᠵᠠᠮ ᠳᠡᠭᠡᠷᠡᠬᠢ ᠬᠠᠷᠠᠭᠠᠨ | ᠳᠠᠪᠲᠠᠮᠵᠢ ᠶᠢᠨ ᠬᠢᠨᠠᠨ ᠡᠵᠡᠮᠳᠡᠯ ᠢ ᠳᠠᠷᠠᠭᠠᠯᠠᠨ ᠪᠠᠶᠢᠴᠠᠭᠠᠨ ᠦᠵᠡᠬᠦ ᠴᠢᠬᠤᠯᠠᠲᠠᠢ᠂ ᠴᠠᠭ ᠨᠢ ᠬᠡᠲᠦ ᠣᠷᠳᠣ᠂ ᠠᠵᠢᠯ ᠤᠨ ᠬᠡᠮᠵᠢᠶ᠎ᠡ ᠨᠢ ᠶᠡᠭᠡ᠂ ᠡᠨᠡᠬᠦ ᠲᠠᠪᠴᠠᠩ ᠢ | ᠰᠦᠯᠵᠢᠶᠡᠨ ᠳᠤ ᠣᠷᠣᠭᠤᠯᠤᠭᠰᠠᠨ ᠤ ᠳᠠᠷᠠᠭ᠎ᠠ᠂ ᠲᠠᠪᠴᠠᠩ ᠤᠨ ᠵᠠᠳᠠᠯᠤᠯᠲᠠ ᠶᠢᠨ ᠮᠡᠷᠭᠡᠵᠢᠯ ᠢᠶᠠᠷ ᠲᠠᠮᠵᠢᠨ᠂ ᠥᠨᠳᠥᠷ ᠪᠦᠲᠦᠮᠵᠢᠲᠡᠢ ᠪᠠᠷ ᠨᠠᠷᠢᠯᠢᠭ ᠣᠨᠣᠴᠠᠲᠠᠢ ᠪᠠᠷ | ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠯ ᠳᠠᠬᠢ ᠬᠥᠮᠥᠨ᠂ ᠲᠡᠷᠭᠡ ᠶᠢ ᠵᠠᠳᠠᠯᠤᠨ ᠭᠠᠷᠭᠠᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ | ᠳᠡᠭᠡᠭᠰᠢᠯᠡᠭᠦᠯᠦᠭᠰᠡᠨ ᠭᠡᠪᠡ᠃ | ᠪᠠᠶᠠᠨᠨᠠᠭᠤᠷ ᠬᠤᠲᠠ ᠶᠢᠨ ︽ᠭᠡᠭᠡᠨ ᠰᠠᠷᠠᠭᠤᠯ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ | ᠨᠢ 1.48 ᠳ᠋ᠦᠩᠰᠢᠭᠤᠷ ᠲᠥᠭᠦᠷᠢᠭ ᠲᠤ ᠬᠦᠷᠴᠦ᠂ 7 ᠬᠤᠰᠢᠭᠤ ᠰᠢᠶᠠᠨ ᠲᠣᠭᠤᠷᠢᠭ ᠵᠢᠴᠢ ᠪᠠᠶᠠᠨᠨᠠᠭᠤᠷ ᠤᠨ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ | ᠣᠷᠣᠨ᠂ ᠭᠠᠭᠴᠠᠮᠣᠳᠤ ᠪᠣᠭᠤᠮᠲᠠ ᠶᠢᠨ ᠰᠢᠶᠠᠩ ᠪᠠᠯᠭᠠᠰᠤ ᠰᠤᠮᠤ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ ᠵᠡᠷᠭᠡ ᠭᠤᠣᠯᠳᠠᠯᠭ᠎ᠠ ᠲᠠᠢ ᠣᠯᠠᠨ | ᠨᠡᠶᠢᠲᠡ ᠶᠢᠨ ᠲᠠᠯᠠᠪᠤᠷ ᠢ ᠬᠠᠮᠤᠷᠴᠤ᠂ ᠪᠦᠭᠦ ᠬᠦᠷᠢᠶ᠎ᠡ ᠴᠠᠷᠠᠭᠠᠨ ᠤ ᠭᠤᠣᠯ ᠳᠡᠳ᠋ ᠵᠠᠮ ᠱᠤᠭᠤᠮ᠂ ᠵᠡᠭᠡᠯᠢ ᠭᠤᠳᠤᠮᠵᠢ ᠶᠢ ᠡᠵᠡᠮᠳᠡᠬᠦ ᠶᠢ ᠪᠡᠶᠡᠯᠡᠭᠦᠯᠵᠦ᠂ ᠬᠠᠷᠠᠭᠠᠨ | ᠳᠠᠪᠲᠠᠮᠵᠢ ᠶᠢᠨ ᠬᠢᠨᠠᠨ ᠡᠵᠡᠮᠳᠡᠯ ᠢᠶᠠᠷ ᠰᠡᠷᠭᠡᠶᠢᠯᠡᠨ ᠡᠵᠡᠮᠳᠡᠬᠦ ᠰᠦᠯᠵᠢᠶ᠎ᠡ ᠶᠢ ᠨᠢᠭᠲᠠ ᠪᠤᠯᠭᠠᠭᠰᠠᠨ ᠪᠠᠶᠢᠨ᠎ᠠ᠃ | ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠯᠪᠤᠷᠢ | ᠠᠩᠭᠢ ᠶᠢᠨ ᠳᠡᠳ᠋ ᠳᠠᠷᠤᠭ᠎ᠠ ᠱᠢ ᠶᠠᠨ ᠲᠢᠩ ᠰᠤᠷᠪᠤᠯᠵᠢᠯᠠᠭᠴᠢ ᠳᠤ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠯ ᠤᠨ ᠲᠤᠷᠠᠨ ᠬᠠᠷᠠᠭ᠎ᠠ 6405 ᠰᠢᠨ᠎ᠡ ᠪᠠᠷ | ᠨᠡᠮᠡᠭᠰᠡᠨ᠂ ᠮᠠᠨ ᠤ ᠬᠤᠲᠠ ᠶᠢᠨ ᠬᠡᠷᠡᠭᠯᠡᠵᠦ ᠪᠣᠯᠬᠤ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠲᠤᠷᠠᠨ ᠬᠠᠷᠠᠭ᠎ᠠ 15000 ᠳᠤ ᠬᠦᠷᠴᠦ᠂ ᠡᠭᠦᠨ ᠤ ᠲᠠᠭᠤ | ᠨᠡᠶᠢᠭᠡᠮ ᠤᠨ ᠡᠬᠢ ᠪᠠᠶᠠᠯᠢᠭ ᠤᠨ ᠰᠦᠯᠵᠢᠶᠡᠨ ᠤ ᠲᠠᠪᠴᠠᠩ ᠳᠤ ᠬᠤᠳᠠᠯᠳᠤᠭᠠᠨ ᠤ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠡᠮᠨᠡᠯᠭᠡ ᠶᠢᠨ | ᠬᠤᠷᠢᠶ᠎ᠠ᠂ ᠰᠠᠭᠤᠭᠠᠯᠢ ᠲᠣᠭᠤᠷᠢᠭ ᠵᠡᠷᠭᠡ 5 ᠶᠡᠭᠡ ᠲᠥᠷᠥᠯ ᠤᠨ ᠨᠡᠶᠢᠭᠡᠮ ᠤᠨ ᠬᠠᠷᠠᠭᠠᠨ ᠳᠠᠪᠲᠠᠮᠵᠢ ᠶᠢᠨ ᠡᠬᠢ ᠪᠠᠶᠠᠯᠢᠭ ᠢ ᠵᠠᠯᠭᠠᠵᠤ ᠣᠷᠣᠭᠤᠯᠤᠨ᠂ ᠬᠥᠳᠡᠭᠡ | ᠲᠣᠰᠬᠤᠨ ᠵᠢᠴᠢ ᠬᠢᠯᠢ ᠬᠢᠵᠠᠭᠠᠷ ᠣᠷᠣᠨ ᠤ ᠭᠤᠣᠯᠳᠠᠯᠭ᠎ᠠ ᠲᠠᠢ ᠣᠷᠣᠨ ᠪᠠᠶᠢᠷᠢ ᠶᠢᠨ ᠳᠡᠭᠡᠳᠦ ᠲᠣᠳᠣ ᠬᠠᠷᠠᠭᠠᠨ ᠳᠠᠪᠲᠠᠮᠵᠢ ᠶᠢ ᠨᠡᠶᠢᠳᠡᠮ ᠪᠦᠷᠬᠦᠭᠦᠯᠦᠭᠰᠡᠨ᠃ | ᠳᠠᠩᠨᠠᠨ ᠪᠠᠶᠢᠴᠠᠭᠠᠵᠤ ᠬᠡᠷᠡᠭ ᠢᠯᠡᠷᠡᠭᠦᠯᠬᠦ᠂ ᠪᠣᠳᠠᠲᠤ ᠳᠠᠶᠢᠨ ᠤ ᠴᠢᠳᠠᠪᠤᠷᠢ ᠣᠯᠭᠤᠬᠤ᠂ ᠤᠯᠠᠨ ᠲᠦᠮᠡᠨ ᠳᠤ ᠦᠢᠯᠡᠴᠢᠯᠡᠬᠦ ᠳᠤ ᠴᠢᠩᠭ᠎ᠠ ᠬᠦᠴᠦᠲᠡᠢ ᠰᠢᠨᠵᠢᠯᠡᠬᠦ | ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠭᠡᠪᠡ᠃ | ᠣᠳᠣ ᠪᠣᠯᠲᠠᠯ᠎ᠠ ︽ᠭᠡᠭᠡᠨ ᠰᠠᠷᠠᠭᠤᠯ ᠢᠨᠵᠧᠨᠧᠷᠢᠩ︾ ᠢᠶᠠᠷ ᠲᠠᠮᠵᠢᠨ᠂ ᠰᠦᠯᠵᠢᠶᠡᠨ ᠳᠡᠭᠡᠷᠡᠬᠢ ᠣᠷᠭᠤᠳᠤᠤᠯ ᠬᠡᠷᠡᠭᠲᠡᠨ 60 ᠪᠠᠷᠢᠪᠴᠢᠯᠠᠵᠤ᠂ ᠡᠯ᠎ᠡ | ᠲᠥᠷᠥᠯ ᠤᠨ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ 400 ᠭᠠᠷᠤᠢ ᠶᠢ ᠢᠯᠡᠷᠡᠭᠦᠯᠦᠨ᠂ ᠡᠯ᠎ᠡ ᠲᠥᠷᠥᠯ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ | 10000 ᠭᠠᠷᠤᠢ ᠬᠠᠩᠭᠠᠵᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠬᠤᠪᠢ ᠨᠡᠮᠡᠷᠢ ᠶᠢᠨ ᠨᠣᠷᠮ᠎ᠠ 90% ᠳᠤ ᠬᠦᠷᠴᠦ᠂ ᠲᠤᠷᠰᠢᠨ ᠪᠠᠶᠢᠴᠠᠭᠠᠬᠤ᠂ ᠬᠡᠷᠡᠭ ᠢ | ᠪᠠᠶᠢᠴᠠᠭᠠᠨ ᠢᠯᠡᠷᠡᠭᠦᠯᠬᠦ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ | |