ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ | ᠨᠠᠭᠠᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ | ᠲᠠᠰᠤᠷᠠᠯᠳᠠ ᠦᠭᠡᠢ ᠳᠡᠭᠡᠭᠰᠢᠯᠡᠨ ᠰᠢᠨ᠎ᠡ ᠳᠡᠭᠲᠡᠷ ᠲᠤ ᠭᠠᠷᠴᠤ᠂ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠳᠤ ︽ᠪᠣᠭᠤᠮᠲᠠ ᠶᠢᠨ ᠭᠠᠳᠠᠨᠠᠬᠢ ᠠᠮᠤ︾ ᠶᠢ | ᠨᠡᠮᠡᠭᠰᠡᠭᠡᠷ ᠢᠷᠡᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠪᠠᠷ ᠮᠠᠨ ᠤ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠵᠥᠪᠭᠡᠨ 5292 | ᠲᠦᠮᠡᠨ ᠮᠦ ᠪᠠᠶᠢᠵᠤ᠂ ᠤᠨᠠᠯᠲᠠ ᠨᠢ ᠰᠠᠶ᠋ᠢ 42.5 ᠳ᠋ᠦᠩᠰᠢᠭᠤᠷ ᠵᠢᠩ ᠪᠠᠶᠢᠵᠤ᠂ ᠠᠮᠤ ᠪᠤᠳᠠᠭ᠎ᠠ ᠶᠢ ᠭᠤᠣᠯᠳᠠᠭᠤ ᠰᠢᠯᠵᠢᠭᠦᠯᠦᠨ ᠣᠷᠣᠭᠤᠯᠬᠤ ᠳᠤ ᠲᠦᠰᠢᠭᠯᠡᠵᠦ | ᠪᠠᠶᠢᠵᠠᠢ᠃ 1990 ᠣᠨ ᠳᠤ ᠪᠦᠭᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 5812.5 ᠲᠦᠮᠡᠨ ᠮᠦ ᠳᠤ ᠬᠦᠷᠴᠦ᠂ 194.6 ᠳ᠋ᠦᠩᠰᠢᠭᠤᠷ ᠵᠢᠩ | ᠤᠨ ᠤᠨᠠᠯᠲᠠ ᠲᠠᠢ ᠪᠣᠯᠵᠤ᠂ ᠠᠮᠤ ᠪᠤᠳᠠᠭ᠎ᠠ ᠶᠢᠨ ᠥᠪᠡᠷ ᠢ ᠪᠠᠨ ᠬᠠᠩᠭᠠᠬᠤ ᠠᠰᠠᠭᠤᠳᠠᠯ ᠰᠢᠢᠳᠪᠦᠷᠢᠯᠡᠭᠳᠡᠵᠦ᠂ ᠤᠯᠠᠨ ᠵᠢᠯ ᠤᠨ ᠲᠤᠷᠰᠢᠬᠢ ᠠᠮᠤ ᠪᠤᠳᠠᠭ᠎ᠠ ᠶᠢ | ᠭᠠᠳᠠᠨ᠎ᠠ ᠠᠴᠠ ᠰᠢᠯᠵᠢᠭᠦᠯᠦᠨ ᠣᠷᠣᠭᠤᠯᠵᠤ ᠪᠠᠶᠢᠭᠰᠠᠨ ᠲᠡᠦᠬᠡ ᠶᠢ ᠡᠴᠦᠰᠯᠡᠭᠦᠯᠪᠡ᠃ 1992 ᠣᠨ ᠳᠤ ᠪᠦᠭᠦ ᠣᠷᠣᠨ ᠤ ᠠᠮᠤ ᠪᠤᠳᠠᠭᠠᠨ ᠤ ᠤᠨᠠᠯᠲᠠ 200 | ᠳ᠋ᠦᠩᠰᠢᠭᠤᠷ ᠵᠢᠩ ᠤᠨ ᠶᠡᠭᠡ ᠪᠣᠭᠤᠮᠲᠠ ᠶᠢ ᠳᠠᠪᠠᠵᠤ᠂ 2005 ᠣᠨ ᠳᠤ ᠮᠠᠨ ᠤ ᠣᠷᠣᠨ ᠪᠦᠭᠦ ᠤᠯᠤᠰ ᠤᠨ ᠠᠮᠤ ᠪᠤᠳᠠᠭᠠᠨ ᠤ 13 ᠭᠤᠣᠯ ᠭᠠᠷᠤᠯᠲᠠ ᠶᠢᠨ | ᠣᠷᠣᠨ ᠤ ᠨᠢᠭᠡ ᠪᠤᠯᠪᠠ; 2008 ᠣᠨ ᠳᠤ ᠪᠦᠭᠦ ᠣᠷᠣᠨ ᠤ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 400 ᠳ᠋ᠦᠩᠰᠢᠭᠤᠷ ᠵᠢᠩ ᠢ ᠳᠠᠪᠠᠵᠤ᠂ ᠪᠦᠭᠦ | ᠤᠯᠤᠰ ᠤᠨ ᠡᠮᠦᠨ᠎ᠡ 10 ᠨᠡᠷᠡᠰ ᠲᠤ ᠣᠷᠣᠵᠤ᠂ ᠪᠦᠭᠦ ᠤᠯᠤᠰ ᠤᠨ ᠠᠮᠤ ᠪᠤᠳᠠᠭ᠎ᠠ ᠶᠢ ᠭᠠᠳᠠᠭᠰᠢ ᠭᠠᠷᠭᠠᠬᠤ ᠮᠤᠵᠢ ᠣᠷᠣᠨ ᠤ ᠨᠢᠭᠡ ᠪᠣᠯᠤᠭᠰᠠᠨ ᠪᠤᠯᠵᠠᠢ; | 2018 ᠣᠨ ᠳᠤ ᠪᠦᠭᠦ ᠣᠷᠣᠨ ᠤ ᠠᠮᠤ ᠪᠤᠳᠠᠭᠠᠨ ᠤ ᠤᠨᠠᠯᠲᠠ 700 ᠳ᠋ᠦᠩᠰᠢᠭᠤᠷ ᠵᠢᠩ ᠤᠨ ᠶᠡᠭᠡ ᠪᠣᠭᠤᠮᠲᠠ ᠶᠢ ᠳᠠᠪᠠᠪᠠ; 2023 ᠣᠨ ᠳᠤ ᠠᠮᠤ | ᠪᠤᠳᠠᠭᠠᠨ ᠤ ᠲᠠᠷᠢᠮᠠᠯ ᠤᠨ ᠲᠠᠯᠠᠪᠠᠶ 1.05 ᠳ᠋ᠦᠩᠰᠢᠭᠤᠷ ᠮᠦ ᠬᠦᠷᠴᠦ ᠶᠡᠷᠦᠩᠬᠡᠢ ᠤᠨᠠᠯᠲᠠ ᠨᠢ 791.6 ᠳ᠋ᠦᠩᠰᠢᠭᠤᠷ ᠵᠢᠩ ᠳᠤ ᠬᠦᠷᠴᠦ᠂ ᠳᠤᠮᠳᠠᠴᠢ ᠪᠠᠷ ᠮᠦ | ᠨᠢᠭᠡᠴᠢ ᠶᠢᠨ ᠤᠨᠠᠯᠲᠠ 378 ᠺᠢᠯᠣᠭ᠍ᠷᠠᠮ ᠪᠠᠶᠢᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠪᠠ ᠮᠦ ᠨᠢᠭᠡᠴᠢ ᠶᠢᠨ ᠤᠨᠠᠯᠲᠠ ᠨᠢ ᠲᠣᠰ ᠲᠣᠰ 1949 ᠣᠨ ᠤ | 18.6 ᠳᠠᠭᠢᠨ ᠪᠠ 9.5 ᠳᠠᠭᠢᠨ ᠪᠣᠯᠵᠤ ᠨᠡᠮᠡᠭᠳᠡᠨ᠂ ᠠᠮᠤ ᠪᠤᠳᠠᠭᠠᠨ ᠤ ᠦᠢᠯᠡᠳᠪᠦᠷᠢᠯᠡᠯ ᠳᠤ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠠᠢ᠃ | | |