ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠲᠠᠷᠢᠶᠠᠯᠠᠩ ᠳᠤ ᠬᠡᠷᠡᠭᠯᠡᠬᠦ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ 374.96 ᠲᠦᠮᠡᠨ ᠮᠦ ᠬᠡᠷᠡᠭᠵᠢᠭᠦᠯᠵᠦ᠂ 2016 ᠣᠨ ᠳᠤ | ᠥᠭᠡᠷᠡᠴᠢᠯᠡᠯᠲᠡ ᠶᠢ ᠡᠬᠢᠯᠡᠭᠦᠯᠦᠭᠰᠡᠨ ᠠᠴᠠ ᠨᠠᠭᠠᠰᠢ ᠨᠡᠶᠢᠲᠡ 4968.83 ᠲᠦᠮᠡᠨ ᠮᠦ ᠬᠡᠷᠡᠭᠵᠢᠭᠦᠯᠵᠦ᠂ ᠶᠡᠷᠦᠩᠬᠡᠢ ᠡᠭᠦᠷᠭᠡ ᠶᠢᠨ 104.7% ᠶᠢ ᠡᠵᠡᠯᠡᠨ᠂ | ᠥᠭᠡᠷᠡᠴᠢᠯᠡᠯᠲᠡ ᠶᠢᠨ ᠬᠠᠷᠠᠯᠲᠠᠲᠤ ᠡᠭᠦᠷᠭᠡ ᠶᠢ 1 ᠵᠢᠯ ᠤᠷᠢᠳᠴᠢᠯᠠᠨ ᠳᠠᠪᠠᠭᠤᠯᠵᠤ ᠪᠡᠶᠡᠯᠡᠭᠦᠯᠪᠡ᠃ | ᠮᠠᠨ ᠤ ᠣᠷᠣᠨ ᠪᠣᠯ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠣᠷᠣᠨ ᠪᠠᠶᠢᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠡ ᠪᠦᠭᠦ | ᠣᠷᠣᠨ ᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢᠨ 60% ᠠᠴᠠ ᠳᠡᠭᠡᠭᠰᠢ ᠶᠢ ᠡᠵᠡᠯᠡᠵᠦ ᠪᠤᠢ᠃︽ᠨᠡᠯᠦᠶᠢᠲᠡᠯ᠎ᠡ ᠤᠰᠤᠯᠠᠬᠤ︾ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢᠨ ᠲᠥᠯᠥᠭᠡ ᠣᠶᠢᠷ᠎ᠠ ᠶᠢᠨ ᠵᠢᠯ ᠳᠤ ᠮᠠᠨ ᠤ ᠣᠷᠣᠨ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠥᠨᠳᠥᠷ | ᠪᠦᠲᠦᠮᠵᠢᠲᠡᠶ ᠤᠰᠤ ᠠᠷᠪᠢᠯᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠤᠨ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠨ ᠭᠠᠮᠨᠠᠵᠤ ᠡᠷᠴᠢᠮᠵᠢᠭᠦᠯᠦᠨ | ᠠᠰᠢᠭᠯᠠᠬᠤ ᠶᠢ ᠠᠬᠢᠭᠤᠯᠵᠠᠢ᠃ | ᠡᠨᠡ ᠵᠢᠯ ᠠᠴᠠ ᠨᠠᠭᠠᠰᠢ ᠮᠠᠨ ᠤ ᠣᠷᠣᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠬᠤ ᠵᠠᠩᠭᠢᠯᠠᠭ᠎ᠠ ᠶᠢᠨ | ᠭᠤᠭᠴᠤᠭ᠎ᠠ ᠪᠣᠯᠭᠠᠨ ᠴᠢᠩᠭ᠎ᠠ ᠠᠳᠬᠤᠵᠤ᠂ ᠴᠠᠭ ᠬᠤᠭᠤᠴᠠᠭ᠎ᠠ ᠲᠣᠳᠣᠷᠬᠠᠶᠢᠯᠠᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠵᠦ᠂ ᠤᠳᠤ ᠥᠭᠡᠷᠡᠴᠢᠯᠡᠯᠲᠡ ᠳᠤ | ᠬᠤᠯᠪᠣᠭᠳᠠᠭᠰᠠᠨ 82 ᠬᠤᠰᠢᠭᠤ ᠰᠢᠶᠠᠨ ᠬᠤᠲᠠ ᠲᠣᠭᠤᠷᠢᠭ ᠴᠥᠮ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ᠂ ᠲᠠᠷᠢᠶᠠᠯᠠᠩ ᠳᠤ ᠬᠡᠷᠡᠭᠯᠡᠬᠦ ᠤᠰᠤᠨ ᠤ | ᠦᠨ᠎ᠡ ᠬᠠᠩᠰᠢ ᠶᠢᠨ ᠪᠦᠷᠢᠯᠳᠦᠯ᠂ ᠨᠠᠷᠢᠯᠢᠭ ᠣᠨᠣᠪᠴᠢᠲᠠᠶ ᠨᠥᠬᠦᠪᠦᠷᠢ ᠪᠠ ᠤᠰᠤ ᠠᠷᠪᠢᠯᠠᠭᠰᠠᠨ ᠱᠠᠩᠨᠠᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠬᠠᠮᠠᠭᠠᠯᠠᠯᠲᠠ ᠵᠡᠷᠭᠡ 4 ᠵᠦᠢᠯ ᠤᠨ ᠲᠣᠭᠲᠠᠴᠠ ᠶᠢ ᠪᠠᠶᠢᠭᠤᠯᠵᠠᠢ᠃ ᠣᠶᠢᠯᠠᠭᠠᠭᠰᠠᠨ ᠢᠶᠠᠷ᠂ ᠢᠷᠡᠬᠦ ᠵᠢᠯ ᠮᠠᠨ ᠤ ᠣᠷᠣᠨ ᠲᠠᠷᠢᠶᠠᠯᠠᠩ ᠳᠤ ᠬᠡᠷᠡᠭᠯᠡᠬᠦ | ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠠᠬᠢᠵᠢᠭᠦᠯᠦᠨ ᠳᠡᠭᠡᠭᠰᠢᠯᠡᠭᠦᠯᠭᠦ ᠱᠠᠲᠤᠨ ᠳᠤ ᠤᠷᠤᠭᠤᠯᠬᠤ ᠪᠣᠯᠣᠨ᠎ᠠ᠃ | | |