ᠮᠠᠨ ᠤ ᠣᠷᠣᠨ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ | ᠬᠦᠴᠦᠯᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ ᠪᠠᠶᠢᠨ᠎ᠠ᠃ | ᠡᠨᠡ ᠵᠢᠯ ᠮᠠᠨ ᠤ ᠣᠷᠣᠨ 850 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ 11 ᠰᠠᠷ᠎ᠠ ᠶᠢᠨ | ᠰᠡᠭᠦᠯᠴᠢ ᠪᠤᠯᠲᠠᠯ᠎ᠠ ᠪᠦᠭᠦᠨ ᠢ ᠪᠦᠲᠦᠭᠡᠨ ᠪᠠᠶᠢᠭᠤᠯᠵᠤ ᠳᠠᠭᠤᠰᠬᠠᠬᠤ ᠪᠠᠷ ᠪᠤᠢ᠃ ᠬᠠᠷ᠎ᠠ ᠬᠥᠷᠥᠰᠥ ᠶᠢ ᠬᠠᠮᠠᠭᠠᠯᠠᠬᠤ᠂ ᠬᠤᠵᠢᠷᠯᠢᠭ ᠲᠠᠷᠢᠶᠠᠨ ᠭᠠᠵᠠᠷ ᠢ ᠵᠠᠰᠠᠵᠤ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ 2160 ᠲᠦᠮᠡᠨ ᠮᠦ ᠬᠠᠷ᠎ᠠ ᠬᠥᠷᠥᠰᠥᠲᠦ ᠲᠠᠷᠢᠶᠠᠨ ᠭᠠᠵᠠᠷ ᠲᠤ ᠬᠠᠮᠠᠭᠠᠯᠠᠯᠲᠠ ᠶᠢᠨ ᠴᠢᠨᠠᠷᠲᠠᠢ ᠪᠠᠷ | ᠲᠠᠷᠢᠶᠠᠯᠠᠬᠤ ᠡᠭᠦᠷᠭᠡ ᠶᠢ ᠪᠦᠭᠦᠨ ᠢ ᠪᠡᠶᠡᠯᠡᠭᠦᠯᠵᠦ᠂ ᠬᠤᠵᠢᠷᠯᠢᠭ ᠲᠠᠷᠢᠶᠠᠨ ᠭᠠᠵᠠᠷ ᠢ ᠵᠠᠰᠠᠵᠤ ᠰᠠᠶᠢᠵᠢᠷᠠᠭᠤᠯᠤᠭᠰᠠᠨ ᠲᠠᠯᠠᠪᠠᠢ ᠶᠢ ᠰᠢᠨ᠎ᠡ ᠪᠠᠷ 50 ᠲᠦᠮᠡᠨ ᠮᠦ | ᠨᠡᠮᠡᠭᠳᠡᠭᠦᠯᠪᠡ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠳᠥᠷᠥᠭᠡᠨ | ᠠᠮᠠᠰᠠᠷ ᠤᠨ ᠤᠰᠤ ᠲᠠᠲᠠᠬᠤ ᠤᠰᠤᠯᠠᠯᠲᠠ ᠶᠢᠨ ᠣᠷᠣᠨ ᠵᠡᠷᠭᠡ 2 ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠪᠠ 9 ᠳᠤᠮᠳᠠ ᠭᠡᠯᠪᠡᠷᠢ ᠶᠢᠨ ᠤᠰᠤᠯᠠᠯᠲᠠ | ᠶᠢᠨ ᠣᠷᠣᠨ ᠤ ᠲᠥᠷᠥᠯ ᠵᠦᠢᠯ ᠳᠤ ᠦᠷᠭᠦᠯᠵᠢᠯᠡᠨ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠬᠢᠵᠦ᠂ ᠮᠠᠯ ᠠᠵᠤ ᠠᠬᠤᠢ ᠲᠠᠷᠢᠶᠠᠯᠠᠩ ᠤᠨ | ᠬᠥᠭᠵᠢᠯᠲᠡ ᠳᠤ ᠪᠠᠲᠤ ᠪᠠᠬᠢ ᠤᠰᠤᠨ ᠠᠰᠢᠭᠯᠠᠯᠲᠠ ᠶᠢᠨ ᠪᠠᠲᠤᠯᠠᠭ᠎ᠠ ᠬᠠᠩᠭᠠᠵᠤ ᠪᠠᠶᠢᠨ᠎ᠠ᠃ ᠡᠭᠦᠨ ᠤ ᠬᠠᠮᠲᠤ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠢ | ᠳᠡᠮᠵᠢᠬᠦ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ 25.88 ᠲᠦᠮᠡᠨ ᠮᠦ ᠶᠢᠨ ᠲᠥᠬᠦᠭᠡᠷᠦᠮᠵᠢᠲᠦ ᠲᠠᠷᠢᠶᠠᠯᠠᠩ ᠤᠨ ᠪᠠᠷᠢᠯᠭ᠎ᠠ ᠶᠢ ᠡᠬᠢᠯᠡᠭᠦᠯᠵᠦ᠂ | ᠪᠠᠷᠢᠯᠭ᠎ᠠ ᠡᠬᠢᠯᠡᠭᠦᠯᠦᠭᠰᠡᠨ ᠨᠣᠷᠮ᠎ᠠ 109% ᠳᠤ ᠭᠦᠷᠴᠡᠶ; 280 ᠲᠦᠮᠡᠨ ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠵᠤ᠂ | ᠡᠷᠦᠭᠡ ᠪᠠᠷ ᠭᠤᠣᠯ ᠪᠤᠯᠭᠠᠬᠰᠠᠨ᠂ ᠰᠤᠮᠤ ᠰᠢᠶᠠᠨ ᠪᠠᠯᠭᠠᠰᠤ᠂ ᠭᠠᠴᠠᠭ᠎ᠠ ᠲᠤᠰᠬᠤᠨ ᠪᠠ ᠬᠤᠰᠢᠭᠤ ᠰᠢᠶᠠᠨ ᠢᠶᠠᠷ ᠨᠥᠬᠦᠪᠦᠷᠢ ᠪᠤᠯᠭᠠᠬᠰᠠᠨ ᠭᠤᠷᠪᠠᠨ ᠱᠠᠲᠤᠨ ᠤ | ᠲᠡᠵᠢᠭᠡᠯ ᠡᠪᠡᠰᠦ ᠨᠥᠭᠡᠴᠡᠯᠡᠬᠦ ᠰᠢᠰᠲ᠋ᠧᠮ ᠢ ᠪᠠᠶᠢᠭᠤᠯᠵᠤ᠂ ᠮᠠᠯ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠳᠤ ᠪᠠᠲᠤ ᠪᠠᠬᠢ ᠲᠤᠯᠭᠠᠭᠤᠷᠢᠯᠠᠯ ᠬᠠᠩᠭᠠᠪᠠ᠃ | | |