ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ | ᠤ ᠣᠷᠣᠨ ᠤ 2 ᠨᠡᠶᠢᠲᠡᠯᠢᠭ ᠵᠢᠱᠢᠶ᠎ᠡ 2024 ᠣᠨ ᠤ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠬᠥᠭᠵᠢᠭᠦᠯᠦᠯᠲᠡ ᠶᠢᠨ ᠳᠡᠭᠡᠳᠦ | ᠳᠡᠰ ᠤᠨ ᠶᠠᠷᠢᠶᠠᠨ ᠤ ᠲᠠᠪᠴᠠᠩ ᠠᠴᠠ ᠨᠡᠶᠢᠲᠡᠯᠡᠭᠰᠡᠨ ᠲᠠᠪᠤᠳᠤᠭᠠᠷ ᠬᠤᠭᠤᠴᠠᠭᠠᠨ ᠤ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ | ᠰᠢᠯᠢᠳᠡᠭ ᠵᠢᠱᠢᠶ᠎ᠡ ᠪᠠᠷ ᠰᠣᠩᠭᠤᠭᠳᠠᠪᠠ᠃ | ᠬᠦᠷᠢᠶ᠎ᠡ ᠬᠤᠰᠢᠭᠤᠨ ᠤ ᠳᠡᠪᠰᠢᠭᠦᠯᠦᠭᠰᠡᠨ ︽ᠪᠠᠯᠭᠠᠰᠤᠨ ᠠᠴᠠ ᠡᠷᠭᠢᠯᠡᠭᠰᠡᠨ ᠠᠮᠢᠲᠠᠨ ᠤ ᠡᠮᠨᠡᠯᠭᠡ ᠶᠢᠨ ᠬᠤᠷᠢᠶ᠎ᠠ ᠪᠦᠭᠦ ᠣᠷᠣᠨ ᠪᠦᠰᠡ ᠶᠢᠨ ᠲᠡᠵᠢᠭᠡᠪᠦᠷᠢ | ᠶᠢᠨ ᠠᠵᠤ ᠦᠢᠯᠡᠰ ᠢ ᠲᠤᠯᠭᠠᠭᠤᠷᠢᠯᠠᠵᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ - ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠦᠩᠯᠢᠶᠣᠣ ᠬᠤᠳᠠ ᠶᠢᠨ ᠬᠦᠷᠢᠶ᠎ᠡ ᠬᠤᠰᠢᠭᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠨᠡᠶᠢᠲᠡᠯᠢᠭ ᠵᠢᠱᠢᠶ᠎ᠡ︾᠂ ᠲᠥᠪ | ᠤᠨ ᠤᠬᠠᠭᠤᠯᠬᠤ ᠬᠡᠯᠲᠡᠰ᠂ ᠪᠡᠭᠡᠵᠢᠩ ᠤᠨ ᠬᠠᠢ ᠳ᠋ᠢᠶᠠᠨ ᠲᠣᠭᠤᠷᠢᠭ ᠪᠣᠯᠣᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠬᠤᠯᠪᠤᠭᠠᠯᠠᠨ | ᠳᠡᠪᠰᠢᠭᠦᠯᠦᠭᠰᠡᠨ ︽ᠵᠠᠰᠠᠭ ᠤᠨ ᠣᠷᠳᠣᠨ᠂ ᠠᠵᠤ ᠠᠬᠤᠶᠢᠯᠠᠯ᠂ ᠲᠠᠷᠢᠶᠠᠯᠠᠬᠤ ᠡᠷᠦᠭᠡ ᠶᠢᠨ ᠠᠨᠳᠠ ᠶᠢᠨ ᠬᠠᠷᠢᠴᠠᠭ᠎ᠠ ᠪᠠᠶᠢᠭᠤᠯᠵᠤ ᠵᠠᠬᠢᠶᠠᠯᠠᠭ᠎ᠠ ᠶᠢᠨ ᠲᠠᠷᠢᠶᠠᠯᠠᠩ | ᠢᠶᠠᠷ ᠤᠷᠤᠯᠭ᠎ᠠ ᠪᠠᠨ ᠨᠡᠮᠡᠭᠳᠡᠭᠦᠯᠦᠨ᠎ᠡ - ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠨᠡᠶᠢᠲᠡᠯᠢᠭ ᠵᠢᠱᠢᠶ᠎ᠡ︾ ᠨᠢ ᠲᠤᠰ ᠬᠤᠭᠤᠴᠠᠭᠠᠨ ᠤ ᠳᠡᠯᠡᠬᠡᠢ ᠶᠢᠨ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠰᠢᠯᠢᠳᠡᠭ ᠵᠢᠱᠢᠶ᠎ᠡ ᠪᠠᠷ ᠰᠣᠩᠭᠤᠭᠳᠠᠵᠠᠢ᠃ | ᠣᠶᠢᠯᠠᠭᠠᠭᠰᠠᠨ ᠢᠶᠠᠷ᠂ ᠲᠠᠪᠤᠳᠤᠭᠠᠷ ᠬᠤᠭᠤᠴᠠᠭᠠᠨ ᠤ ᠳᠡᠯᠡᠬᠡᠢ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠰᠢᠯᠢᠳᠡᠭ ᠵᠢᠱᠢᠶ᠎ᠡ ᠡᠯᠰᠡᠬᠦ | ᠠᠵᠢᠯᠯᠠᠭ᠎ᠠ 2023 ᠣᠨ ᠤ 11 ᠰᠠᠷ᠎ᠠ ᠠᠴᠠ ᠡᠬᠢᠯᠡᠨ ᠶᠠᠪᠤᠭᠳᠠᠵᠤ᠂ ᠳᠡᠯᠡᠬᠡᠢ ᠶᠢᠨ 37 ᠤᠯᠤᠰ ᠣᠷᠣᠨ ᠠᠴᠠ ᠳᠡᠪᠰᠢᠭᠦᠯᠦᠭᠰᠡᠨ 1012 ᠨᠡᠶᠢᠲᠡᠯᠢᠭ ᠵᠢᠱᠢᠶ᠎ᠡ | ᠶᠢ ᠡᠯᠰᠡᠨ ᠴᠤᠭᠯᠠᠭᠤᠯᠵᠤ᠂ ᠬᠠᠮᠤᠭ ᠤᠨ ᠰᠡᠭᠦᠯ ᠳᠤ 7 ᠪᠠᠶᠢᠭᠤᠯᠤᠮᠵᠢ ᠶᠢᠨ ᠬᠠᠮᠲᠤ ᠶᠢᠨ ᠦᠨᠡᠯᠡᠯᠲᠡ ᠪᠠᠷ ᠳᠠᠮᠵᠢᠨ 105 ᠰᠢᠯᠢᠳᠡᠭ ᠵᠢᠱᠢᠶ᠎ᠡ ᠶᠢ ᠰᠣᠩᠭᠤᠨ | ᠭᠠᠷᠭᠠᠵᠠᠢ᠃ ᠲᠡᠷᠡ ᠨᠢ ᠭᠤᠣᠯᠳᠠᠭᠤ ᠨᠡᠶᠢᠲᠡᠯᠢᠭ ᠵᠢᠱᠢᠶ᠎ᠡ ᠶᠢᠨ ᠦᠷᠭᠦᠯᠵᠢᠯᠡᠬᠦ ᠴᠢᠨᠠᠷ᠂ ᠪᠣᠳᠠᠲᠤ ᠬᠡᠷᠡᠭᠯᠡᠭᠡᠨ ᠤ ᠴᠢᠨᠠᠷ᠂ ᠤᠯᠠᠮᠵᠢᠯᠠᠨ ᠳᠡᠯᠭᠡᠷᠡᠭᠦᠯᠬᠦ ᠴᠢᠨᠠᠷ ᠵᠢᠴᠢ | ᠬᠡᠷᠡᠭᠯᠡᠭᠡᠨ ᠤ ᠠᠬᠤᠢ ᠪᠠᠶᠢᠳᠠᠯ ᠢ ᠪᠣᠳᠣᠯᠬᠢᠯᠠᠵᠤ᠂ ᠳᠡᠯᠡᠬᠡᠢ ᠶᠢᠨ ᠡᠯ᠎ᠡ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠵᠢᠯ ᠳᠤ ᠠᠩᠬᠠᠷᠤᠯ | ᠲᠥᠪᠯᠡᠷᠡᠭᠦᠯᠵᠦ ᠪᠠᠶᠢᠭ᠎ᠠ ᠪᠠᠶᠢᠭᠤᠯᠤᠮᠵᠢ ᠪᠠ ᠬᠥᠮᠥᠰ ᠲᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠠᠭᠪᠤᠷ ᠵᠢᠴᠢ ᠬᠡᠷᠡᠭᠯᠡᠭᠡᠨ ᠤ ᠲᠥᠰᠥᠪ | ᠬᠠᠩᠭᠠᠬᠤ ᠶᠢ ᠵᠣᠷᠢᠵᠠᠢ᠃ | | |