ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠬᠡᠷᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠢ ᠪᠣᠶᠢᠵᠢᠭᠤᠯᠤᠨ ᠪᠤᠵᠠᠭᠠᠶᠢᠷᠠᠭᠤᠯᠬᠤ᠂ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠲᠥᠯᠥᠨ ᠳᠠᠭᠠᠭᠤᠯᠬᠤ᠂ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠠᠶᠢᠨ ᠰᠠᠶᠢᠬᠠᠨ ᠣᠷᠴᠢᠨ ᠲᠣᠭᠤᠷᠢᠨ ᠢ ᠪᠤᠶ ᠪᠤᠯᠭᠠᠬᠤ ᠵᠡᠷᠭᠡ 5 ᠲᠠᠯ᠎ᠠ ᠶᠢᠨ 19 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ | ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ ᠴᠢᠩᠭ᠎ᠠ ᠬᠦᠴᠦᠲᠡᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠨ᠎ᠠ᠃ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠬᠡᠷᠡᠭᠵᠢᠭᠦᠯᠬᠦ ᠲᠠᠯ᠎ᠠ ᠪᠠᠷ᠂ ᠮᠠᠨ ᠤ ᠣᠷᠣᠨ ᠭᠤᠣᠯᠳᠠᠭᠤ | ᠤᠰᠤᠲᠥ᠋ᠷᠥᠭᠴᠢ ᠡᠨᠧᠷᠭᠢ ᠶᠢᠨ ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠡᠵᠡᠮᠳᠡᠬᠦ᠂ ᠦᠷ᠎ᠡ ᠪᠦᠲᠦᠮᠵᠢ ᠪᠠᠷ ᠥᠨᠳᠥᠷ ᠪᠠ ᠠᠯᠤᠰ | ᠵᠠᠢ ᠪᠠᠷ ᠶᠡᠭᠡ ᠬᠡᠮᠵᠢᠶ᠎ᠡ ᠪᠠᠷ ᠠᠮᠤᠷ ᠲᠦᠪᠰᠢᠨ ᠬᠠᠳᠠᠭᠠᠯᠠᠨ ᠲᠡᠭᠡᠭᠡᠪᠦᠷᠢᠯᠡᠬᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠰᠢᠨ᠎ᠡ | ᠡᠨᠧᠷᠭᠢ ᠶᠢᠨ ᠥᠨᠳᠥᠷ ᠡᠵᠡᠯᠡᠬᠦ ᠬᠠᠷᠢᠴᠠᠯ᠂ ᠤᠶᠠᠨ ᠴᠢᠨᠠᠷᠲᠠᠢ ᠣᠶᠤᠨᠴᠢ ᠴᠠᠭᠢᠯᠭᠠᠨ ᠲᠣᠣᠷ᠂ ᠥᠨᠳᠥᠷ ᠬᠠᠷᠢᠴᠠᠯ ᠲᠠᠢ ᠪᠣᠬᠢᠷᠳᠤᠯ ᠦᠭᠡᠢ ᠴᠠᠭᠢᠯᠭᠠᠨ ᠤ ᠬᠡᠷᠡᠭᠯᠡᠭᠡ | ᠶᠢ ᠠᠬᠢᠭᠤᠯᠵᠤ᠂ ᠨᠡᠭᠦᠷᠡᠰᠦᠨ ᠤ ᠪᠣᠬᠢᠷᠳᠤᠯ ᠦᠭᠡᠢ ᠣᠶᠤᠨᠴᠢ ᠪᠠᠷ ᠨᠡᠭᠡᠭᠡᠨ ᠠᠰᠢᠭᠯᠠᠬᠤ ᠪᠠ ᠥᠨᠳᠥᠷ ᠪᠦᠲᠦᠮᠵᠢᠲᠡᠶ ᠠᠮᠢᠳᠤᠯᠢᠭ ᠢᠶᠠᠷ ᠴᠠᠭᠢᠯᠭᠠᠨ ᠭᠠᠷᠭᠠᠬᠤ ᠵᠡᠷᠭᠡ | ᠭᠤᠣᠯᠳᠠᠯᠭ᠎ᠠ ᠲᠠᠢ ᠴᠢᠭᠯᠡᠯ ᠢ ᠠᠬᠢᠭᠤᠯᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠶᠢ ᠬᠡᠷᠡᠭᠵᠢᠭᠦᠯᠦᠨ᠎ᠡ᠃ ᠡᠭᠦᠨ | ᠤ ᠬᠠᠮᠲᠤ ᠡᠨᠧᠷᠭᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠪᠣᠶᠢᠵᠢᠭᠤᠯᠬᠤ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠨᠥᠭᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ | ᠨᠡᠭᠦᠷᠡᠰᠦ ᠶᠢ ᠪᠣᠬᠢᠷᠳᠤᠯ ᠦᠭᠡᠢ ᠨᠡᠭᠡᠭᠡᠨ ᠬᠥᠭᠵᠢᠭᠦᠯᠬᠦ ᠪᠠ ᠥᠨᠳᠥᠷ ᠦᠷ᠎ᠡ ᠪᠦᠲᠦᠮᠵᠢᠲᠡᠶ ᠪᠠᠷ ᠠᠮᠢᠳᠤᠯᠢᠭ ᠢᠶᠠᠷ ᠴᠠᠭᠢᠯᠭᠠᠨ ᠭᠠᠷᠭᠠᠬᠤ ᠵᠡᠷᠭᠡ ᠭᠤᠣᠯᠳᠠᠯᠭ᠎ᠠ ᠲᠠᠢ | ᠴᠢᠭᠯᠡᠯ ᠤᠨ ᠬᠥᠮᠥᠷᠭᠡ ᠳᠤ ᠣᠷᠣᠭᠰᠠᠨ ᠲᠥᠷᠥᠯ ᠵᠦᠢᠯ ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠭᠦ ᠶᠢᠨ ᠬᠠᠮᠲᠤ ᠲᠥᠷᠥᠯ ᠵᠦᠢᠯ ᠢ ᠬᠡᠷᠡᠭᠵᠢᠭᠦᠯᠬᠦ ᠪᠠ ᠦᠷ᠎ᠡ | ᠪᠦᠲᠦᠭᠡᠯ ᠢ ᠣᠨᠳᠣᠣᠰᠢᠭᠤᠯᠬᠤ ᠳᠤ ᠳᠡᠮᠵᠢᠯᠭᠡ ᠦᠵᠡᠭᠦᠯᠦᠨ᠎ᠡ᠃ | ᠣᠶᠢᠷ᠎ᠠ ᠶᠢᠨ ᠵᠢᠯ ᠳᠤ᠂ ᠪᠦᠭᠦ ᠣᠷᠣᠨ ᠤ ᠡᠨᠧᠷᠭᠢ ᠶᠢᠨ ᠠᠵᠢᠯ ᠲᠥᠷᠥᠯ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠤᠯᠭᠠᠵᠤ᠂ ᠡᠨᠧᠷᠭᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠲᠣᠨᠣᠭᠯᠠᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ | ᠠᠬᠢᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠯ ᠢ ᠭᠦᠨᠵᠡᠭᠡᠶᠢᠷᠡᠭᠦᠯᠵᠦ᠂ | ᠡᠨᠧᠷᠭᠢ ᠶᠢᠨ ᠬᠦᠷᠢᠶᠡᠨ ᠤ ᠰᠢᠨᠵᠢᠯᠡᠬᠦ ᠤᠬᠠᠭᠠᠨ ᠲᠸᠭᠨ᠋ᠶᠢᠡ ᠮᠡᠷᠭᠡᠵᠢᠯ ᠤᠨ ᠦᠷ᠎ᠡ ᠪᠦᠲᠦᠭᠡᠯ ᠢ ᠨᠡᠪᠴᠢᠭᠦᠯᠬᠦ ᠠᠵᠢᠯ ᠰᠢᠨ᠎ᠡ ᠳᠠᠪᠠᠯᠲᠠ ᠲᠠᠢ ᠪᠣᠯᠪᠠ᠃ | | |