ᠮᠢᠩᠭᠠᠨ ᠣᠨ ᠢ ᠳᠤᠭᠤᠯᠤᠬᠰᠠᠨ ᠤᠯᠤᠰ ᠤᠨ ᠦᠨᠡᠲᠦ ᠡᠷᠳᠡᠨᠢ
ᠨᠡᠶᠢᠲᠡᠯᠡᠭᠰᠡᠨ ᠴᠠᠭ᠄
2024/11/25
      ᠠᠯᠠᠱᠠ ᠠᠶᠢᠮᠠᠭ ᠤᠨ ᠡᠵᠡᠨ᠎ᠡ ᠮᠦᠽᠧᠢ ᠳᠤ ᠵᠢᠦᠢ ᠶᠠᠨ ᠤ ᠪᠠᠭᠤᠷᠢ ᠠᠴᠠ ᠮᠠᠯᠲᠠᠵᠤ ᠭᠠᠷᠭᠠᠭᠰᠠᠨ ᠵᠢᠦᠢ ᠶᠠᠨ ᠤ ᠬᠤᠯᠤᠰᠤᠨ ᠴᠤᠭᠤᠳᠠᠰᠤ ᠮᠡᠲᠦ ᠶᠢᠨ ᠮᠠᠰᠢ ᠣᠯᠠᠨ ᠴᠢᠬᠤᠯᠠ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠦ ᠪᠠᠶᠢᠳᠠᠭ᠃ ᠤᠯᠤᠰ ᠤᠨ ᠦᠨᠡᠲᠦ ᠡᠷᠳᠡᠨᠢ ᠪᠣᠯᠤᠭᠰᠠᠨ ᠵᠢᠦᠢ ᠶᠠᠨ ᠤ ᠬᠤᠯᠤᠰᠤᠨ ᠴᠤᠭᠤᠳᠠᠰᠤ᠂ ᠶᠢᠨ ᠤᠯᠤᠰ ᠤᠨ ᠨᠡᠶᠢᠰᠯᠡᠯ ᠤᠨ ᠬᠠᠭᠤᠴᠢᠨ ᠪᠠᠭᠤᠷᠢ ᠶᠢᠨ ᠶᠠᠰᠤᠨ ᠪᠢᠴᠢᠭ᠂ ᠳ᠋ᠦᠨᠬᠤᠸᠠᠩ ᠤᠨ ᠰᠤᠷᠪᠤᠯᠵᠢ ᠪᠢᠴᠢᠭ᠂ ᠮᠢᠩ ᠤᠯᠤᠰ ᠴᠢᠩ ᠤᠯᠤᠰ ᠤᠨ ᠰᠠᠶᠢᠳ ᠨᠠᠷ ᠤᠨ ᠵᠥᠪᠯᠡᠯ ᠤᠨ ᠬᠥᠮᠥᠷᠭᠡ ᠶᠢᠨ ᠲᠠᠩᠰᠠ ᠡᠪᠬᠡᠮᠡᠯ ᠢ 20 ᠳ᠋ᠤᠭᠠᠷ ᠵᠠᠭᠤᠨ ᠤ ᠡᠬᠢᠨ ᠤ ᠦᠶ᠎ᠡ ᠶᠢᠨ ᠳᠤᠮᠳᠠᠳᠤ ᠤᠯᠤᠰ ᠤᠨ ᠰᠤᠷᠪᠤᠯᠵᠢ ᠪᠢᠴᠢᠭ ᠤᠨ ︽ᠳᠦ᠋ᠷᠪᠡᠨ ᠶᠡᠭᠡ ᠢᠯᠡᠷᠡᠭᠦᠯᠦᠯᠲᠡ︾ ᠬᠡᠮᠡᠵᠦ᠂ ᠴᠠᠭᠠᠨ ᠬᠡᠷᠡᠮ ᠬᠢᠯᠢ ᠬᠢᠵᠠᠭᠠᠷ ᠤᠨ ᠰᠣᠶᠣᠯ ᠤᠨ ᠴᠢᠬᠤᠯᠠ ᠲᠡᠦᠬᠡᠨ ᠭᠡᠷᠡᠴᠢ᠂ ᠬᠠᠨ ᠤᠯᠤᠰ  ᠤᠨ ᠲᠡᠦᠬᠡ ᠶᠢ ᠰᠤᠳᠤᠯᠬᠤ ᠬᠤᠪᠣᠷ ᠨᠠᠨᠳᠢᠨ ᠰᠤᠷᠪᠤᠯᠵᠢ ᠪᠢᠴᠢᠭ ᠮᠠᠲ᠋ᠧᠷᠢᠶᠠᠯ ᠪᠠᠶᠢᠵᠤ᠂ ᠲᠤᠶᠢᠯ ᠤᠨ ᠶᠡᠭᠡ ᠡᠷᠳᠡᠮ ᠰᠢᠨᠵᠢᠯᠡᠭᠡᠨ ᠤ ᠦᠨ᠎ᠡ ᠦᠷᠳᠡᠭ ᠲᠠᠢ᠂ ᠬᠠᠨ ᠤᠯᠤᠰ ᠤᠨ ᠲᠡᠦᠬᠡ ᠶᠢ ᠰᠤᠳᠤᠯᠬᠤ ᠨᠡᠪᠲᠡᠷᠬᠡᠢ ᠲᠣᠯᠢ ᠭᠡᠵᠦ ᠬᠡᠯᠡᠵᠦ ᠪᠣᠯᠣᠨ᠎ᠠ᠃      ︽ᠵᠢᠦᠢ ᠶᠠᠨ ᠤ ᠬᠤᠯᠤᠰᠤᠨ ᠴᠤᠭᠤᠳᠠᠰᠤ ᠨᠢ ᠵᠢᠦᠢ ᠶᠠᠨ ᠬᠢᠯᠢ ᠶᠢᠨ ᠴᠠᠶᠢᠵᠠ ᠴᠢᠨᠠᠭᠰᠢᠯᠠᠪᠠᠯ ᠬᠠᠨ ᠤᠯᠤᠰ ᠤᠨ ᠦᠶ᠎ᠡ ᠶᠢᠨ ᠨᠡᠶᠢᠭᠡᠮ ᠤᠨ ᠤᠯᠤᠰ ᠲᠦᠷᠦ᠂ ᠠᠵᠤ ᠠᠬᠤᠢ᠂ ᠰᠣᠶᠣᠯ᠂ ᠴᠡᠷᠢᠭ ᠤᠨ ᠶᠠᠪᠤᠳᠠᠯ᠂ ᠬᠢᠯᠢ ᠶᠢᠨ ᠬᠠᠮᠠᠭᠠᠯᠠᠯᠲᠠ᠂ ᠴᠡᠷᠢᠭ ᠰᠠᠭᠤᠯᠭᠠᠵᠤ ᠠᠲᠠᠷ ᠬᠠᠭᠠᠯᠪᠤᠷᠢᠯᠠᠬᠤ᠂ ᠤᠰᠤᠨ ᠠᠰᠢᠭᠯᠠᠯᠲᠠ᠂ ᠭᠠᠵᠠᠷ ᠵᠦᠢ᠂ ᠵᠠᠮ ᠬᠠᠷᠢᠯᠴᠠᠭ᠎ᠠ᠂ ᠬᠠᠤᠯᠢ ᠴᠠᠭᠠᠵᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠦᠨᠳᠦᠰᠦᠲᠡᠨ᠂ ᠱᠠᠰᠢᠨ ᠰᠤᠷᠲᠠᠬᠤᠨ ᠵᠡᠷᠭᠡ ᠰᠢᠨᠵᠢᠯᠡᠭᠡᠨ ᠤ ᠰᠠᠯᠠᠭ᠎ᠠ ᠶᠢ ᠰᠤᠳᠤᠯᠬᠤ ᠳᠤ ᠡᠯᠪᠡᠭ ᠪᠠᠶᠠᠯᠢᠭ ᠮᠠᠲ᠋ᠧᠷᠢᠶᠠᠯ ᠬᠠᠩᠭᠠᠵᠤ᠂ ᠲᠤᠯᠭᠤᠷ ᠪᠢᠴᠢᠭ ᠡᠷᠲᠡᠨ ᠤ ᠨᠣᠮ ᠪᠢᠴᠢᠭ ᠲᠤ ᠲᠡᠮᠳᠡᠭᠯᠡᠭᠰᠡᠨ ᠦᠭᠡᠢ ᠪᠤᠶᠤ ᠲᠡᠮᠳᠡᠭᠯᠡᠭᠰᠡᠨ ᠨᠢ ᠲᠣᠳᠣᠷᠬᠠᠢ ᠦᠭᠡᠢ ᠪᠠᠶᠢᠭᠰᠠᠨ ᠢ ᠨᠥᠬᠦᠪᠦᠷᠢᠯᠡᠵᠡᠢ᠃ ᠵᠠᠷᠢᠮ ᠨᠢ ᠰᠤᠳᠤᠷ ᠲᠡᠦᠬᠡ ᠳᠤ ᠲᠡᠮᠳᠡᠭᠯᠡᠭᠰᠡᠨ ᠠᠯᠳᠠᠭ᠎ᠠ ᠶᠢ ᠵᠠᠯᠠᠷᠠᠭᠤᠯᠵᠤ ᠪᠣᠯᠣᠨ᠎ᠠ᠂ ᠵᠠᠷᠢᠮ ᠨᠢ ᠰᠤᠷᠪᠤᠯᠵᠢ ᠪᠢᠴᠢᠭ ᠡᠷᠲᠡᠨ ᠤ ᠪᠢᠴᠢᠭ ᠲᠠᠬᠢ ᠲᠡᠮᠳᠡᠭᠯᠡᠯ ᠳᠤ ᠲᠣᠳᠣᠷᠬᠠᠶᠢᠯᠠᠭᠰᠠᠨ ᠦᠭᠡᠢ ᠵᠦᠢᠯᠡᠰ ᠢ ᠲᠠᠶᠢᠯᠪᠤᠷᠢᠯᠠᠵᠤ ᠪᠣᠯᠣᠨ᠎ᠠ᠃ ᠵᠢᠦᠢ ᠶᠠᠨ ᠤ ᠬᠤᠯᠤᠰᠤᠨ ᠴᠤᠭᠤᠳᠠᠰᠤ ᠴᠦ ᠲᠡᠷᠡ᠂ ᠠᠭᠤᠯᠭ᠎ᠠ ᠨᠢ ᠴᠦ ᠲᠡᠷᠡ᠂ ᠪᠦᠷ ᠲᠤᠶᠢᠯ ᠤᠨ ᠶᠡᠭᠡ ᠰᠢᠨᠵᠢᠯᠡᠬᠦ ᠤᠬᠠᠭᠠᠨ ᠤ ᠦᠨ᠎ᠡ ᠥᠷᠲᠡᠭ᠂ ᠲᠡᠦᠬᠡ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠥᠷᠲᠡᠭ ᠲᠠᠢ ᠶᠤᠮ︾ ᠭᠡᠵᠦ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠡᠷᠭᠢᠯᠡᠭᠴᠢ᠂ ᠡᠵᠡᠨ᠎ᠡ ᠮᠦᠽᠧᠢ ᠶᠢᠨ ᠳᠠᠷᠤᠭ᠎ᠠ ᠲᠡᠮᠦᠷ ᠬᠡᠯᠡᠨ᠎ᠡ᠃      ᠣᠶᠢᠯᠠᠭᠠᠭᠰᠠᠨ ᠢᠶᠠᠷ᠂ ᠵᠢᠦᠢ ᠶᠠᠨ ᠤ ᠬᠤᠯᠤᠰᠤᠨ ᠴᠤᠭᠤᠳᠠᠰᠤ ᠶᠢ 20 ᠳ᠋ᠤᠭᠠᠷ ᠵᠠᠭᠤᠨ ᠤ ᠭᠤᠴᠢᠭᠠᠳ ᠣᠨ ᠤ ᠡᠬᠢ ᠪᠠᠷ ᠢᠯᠡᠷᠡᠭᠦᠯᠦᠨ ᠠᠭᠤᠳᠠᠯᠵᠤ ᠭᠠᠷᠭᠠᠨ᠂ ᠡᠵᠡᠨ᠎ᠡ ᠬᠤᠰᠢᠭᠤᠨ ᠤ ᠵᠢᠦᠢ ᠶᠠᠨ ᠤ ᠪᠠᠭᠤᠷᠢ ᠠᠴᠠ ᠣᠯᠳᠠᠭᠰᠠᠨ ᠬᠤᠯᠤᠰᠤᠨ ᠴᠤᠭᠤᠳᠠᠰᠤ ᠶᠢᠨ ᠲᠤᠭ᠎ᠠ 3 ᠲᠦᠮᠡ ᠶᠢ ᠳᠠᠪᠠᠪᠠ᠃ ᠠᠩᠬ᠎ᠠ ᠠᠭᠤᠳᠠᠯᠵᠤ ᠭᠠᠷᠭᠠᠭᠰᠠᠨ ᠵᠢᠦᠢ ᠶᠠᠨ ᠤ ᠬᠤᠯᠤᠰᠤᠨ ᠴᠤᠭᠤᠳᠠᠰᠤ ᠶᠢ 1930 ᠣᠨ ᠳᠤ ᠳᠤᠮᠳᠠᠳᠤ ᠰᠸᠢᠰ ᠤᠨ ᠪᠠᠷᠠᠭᠤᠨ ᠬᠤᠶᠢᠲᠤ ᠣᠷᠣᠨ ᠤ ᠰᠢᠨᠵᠢᠯᠡᠬᠦ ᠤᠬᠠᠭᠠᠨ ᠤ ᠪᠠᠶᠢᠴᠠᠭᠠᠯᠲᠠ ᠶᠢᠨ ᠪᠦᠯᠭᠦᠮ ᠡᠵᠡᠨ᠎ᠡ ᠶᠢᠨ ᠬᠠᠭᠤᠴᠢᠨ ᠲᠣᠷᠭᠤᠳ ᠤᠨᠴᠠᠭᠠᠢ ᠬᠤᠰᠢᠭᠤᠨ ᠳᠤ ᠰᠢᠨᠵᠢᠯᠡᠨ ᠪᠠᠶᠢᠴᠠᠭᠠᠬᠤ ᠳᠠᠭᠠᠨ ᠢᠯᠡᠷᠡᠭᠦᠯᠦᠭᠰᠡᠨ ᠶᠤᠮ᠂ ᠨᠡᠶᠢᠲᠡ ᠲᠦᠮᠡ ᠭᠠᠷᠤᠢ ᠵᠦᠢᠯ ︵ᠣᠲᠣ ᠲᠠᠶᠢᠸᠠᠨ ᠳᠤ ᠬᠠᠳᠠᠭᠠᠯᠠᠭᠳᠠᠵᠤ ᠪᠤᠶ︶ ᠪᠠᠶᠢᠵᠤ᠂ ︽ᠵᠢᠦᠢ ᠶᠠᠨ ᠬᠠᠭᠤᠴᠢᠨ ᠴᠤᠭᠤᠳᠠᠰᠤ︾ ᠭᠡᠳᠡᠭ; 1972 ᠣᠨ  ᠠᠴᠠ 1976 ᠣᠨ ᠪᠤᠯᠲᠠᠯ᠎ᠠ  ᠭᠠᠨᠰᠤ ᠮᠤᠵᠢ ᠶᠢᠨ ᠵᠢᠦᠢ ᠶᠠᠨ ᠤ ᠬᠠᠭᠤᠴᠢ ᠰᠤᠳᠤᠯᠤᠯ ᠤᠨ ᠠᠩᠭᠢ ᠬᠠᠭᠤᠴᠢᠨ ᠬᠤᠳᠠ᠂ ᠵᠢᠶᠠ ᠴᠢᠦᠢ ᠶᠢᠨ ᠳᠥᠷᠪᠡᠳᠦᠭᠡᠷ ᠴᠣᠨᠵᠢ ᠪᠣᠯᠣᠨ ᠵᠢᠶᠠᠨ ᠱᠦᠢ ᠶᠢᠨ ᠭᠤᠸᠠᠨ ᠤ ᠪᠠᠭᠤᠷᠢ ᠶᠢ ᠠᠭᠤᠳᠠᠯᠵᠤ᠂ 2 ᠲᠦᠮᠡ ᠭᠠᠷᠤᠢ ᠬᠤᠯᠤᠰᠤᠨ ᠴᠤᠭᠤᠳᠠᠰᠤ ᠶᠢ ᠠᠭᠤᠳᠠᠯᠵᠤ ᠭᠠᠷᠭᠠᠨ᠂ ᠣᠲᠣ ᠭᠠᠨᠰᠤ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠲᠤ ᠬᠠᠳᠠᠭᠠᠯᠠᠭᠳᠠᠵᠤ᠂ ︽ᠵᠢᠦᠢ ᠶᠠᠨ ᠤ ᠰᠢᠨ᠎ᠡ ᠴᠤᠭᠤᠳᠠᠰᠤ︾ ᠭᠡᠳᠡᠭ; 1999 ᠣᠨ ᠠᠴᠠ 2003 ᠣᠨ ᠪᠤᠯᠲᠠᠯ᠎ᠠ  ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠭᠠᠵᠠᠷ ᠤᠨ  ᠬᠢᠨ ᠵᠢᠶᠠ ᠴᠢᠦᠢ ᠪᠣᠭᠤᠮᠲᠠ ᠶᠢᠨ 4 ᠰᠠᠭᠤᠷᠢ ᠴᠣᠨᠵᠢ ᠶᠢ ᠠᠭᠤᠳᠠᠯᠵᠤ᠂ 500 ᠭᠠᠷᠤᠢ ᠬᠤᠯᠤᠰᠤᠨ ᠴᠤᠭᠤᠳᠠᠰᠤ ᠠᠭᠤᠳᠠᠯᠤᠨ ᠭᠠᠷᠭᠠᠵᠤ᠂ ᠤᠳᠤ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠭᠠᠵᠠᠷ ᠲᠤ ᠬᠠᠳᠠᠭᠠᠯᠠᠭᠳᠠᠵᠤ ᠪᠤᠢ᠂ ᠪᠠᠰᠠ ︽ᠡᠵᠡᠨ᠎ᠡ ᠶᠢᠨ ᠬᠤᠯᠤᠰᠤᠨ ᠴᠤᠭᠤᠳᠠᠰᠤ︾ ᠭᠡᠳᠡᠭ᠃      ︽ᠡᠲᠡᠭᠡᠷ ᠴᠤᠭᠤᠳᠠᠰᠤ ᠶᠢᠨ ᠣᠯᠠᠩᠬᠢ ᠨᠢ ᠬᠠᠨ ᠤᠯᠤᠰ ᠤᠨ ᠵᠢᠦᠢ ᠶᠠᠨ ᠬᠢᠯᠢ ᠶᠢᠨ ᠴᠠᠶᠢᠵᠠ ᠶᠢᠨ ᠬᠤᠳᠠ ᠬᠠᠮᠠᠭᠠᠯᠠᠬᠤ ᠲᠠᠩᠰᠠ ᠡᠪᠬᠡᠮᠡᠯ ᠪᠠᠶᠢᠵᠤ᠂ 2000 ᠭᠠᠷᠤᠢ ᠵᠢᠯ ᠤᠨ ᠡᠮᠦᠨᠡᠬᠢ ᠬᠠᠨ ᠤᠯᠤᠰ ᠤᠨ ᠬᠥᠮᠥᠨ ᠤ ᠬᠠᠮᠤᠭ ᠤᠨ ᠡᠷᠲᠡᠨ ᠤ ᠦᠰᠦᠨ ᠪᠢᠷ ᠤᠨ ᠤᠷᠠᠨ ᠪᠢᠴᠢᠯᠭᠡ᠂ ᠮᠥᠨ ᠴᠦ ᠬᠠᠨ ᠤᠯᠤᠰ ᠤᠨ ᠬᠢᠯᠢ ᠬᠢᠵᠠᠭᠠᠷ ᠤᠨ ᠬᠤᠲᠠ ᠬᠠᠮᠠᠭᠠᠯᠠᠬᠤ ᠳᠦᠷᠢᠮ᠂ ᠨᠡᠶᠢᠭᠡᠮ ᠤᠨ ᠠᠵᠤ ᠠᠬᠤᠢ᠂ ᠨᠣᠮ ᠳᠡᠪᠲᠡᠷ ᠳᠠᠩᠰᠠ ᠡᠪᠬᠡᠮᠡᠯ᠂ ᠦᠭᠡ ᠭᠡᠯᠡ᠂ ᠤᠷᠠᠨ ᠪᠢᠴᠢᠯᠭᠡ ᠵᠡᠷᠭᠡ ᠶᠢ ᠰᠤᠳᠤᠯᠬᠤ ᠴᠢᠬᠤᠯᠠ ᠲᠡᠦᠬᠡᠨ ᠮᠠᠲ᠋ᠧᠷᠢᠶᠠᠯ ᠪᠣᠯᠣᠨ᠎ᠠ︾ ᠭᠡᠵᠦ ᠲᠡᠮᠦᠷ ᠬᠡᠯᠡᠨ᠎ᠡ᠃      ᠵᠢᠦᠢ ᠶᠠᠨ ᠤ ᠬᠤᠯᠤᠰᠤᠨ ᠴᠤᠭᠤᠳᠠᠰᠤ ᠶᠢ ᠬᠤᠯᠤᠰᠤ ᠪᠣᠯᠣᠨ ᠮᠣᠳᠣ ᠭᠡᠬᠦ ᠬᠤᠶᠠᠷ ᠲᠦᠷᠦᠯ ᠳᠤ ᠬᠤᠪᠢᠶᠠᠳᠠᠭ᠂ ᠬᠤᠯᠤᠰᠤᠨ ᠴᠤᠭᠤᠳᠠᠰᠤ ᠨᠢ ᠴᠥᠭᠡᠨ ᠬᠡᠰᠡᠭ ᠢ ᠡᠵᠡᠯᠡᠨ᠎ᠡ᠂ ᠮᠣᠳᠣᠨ ᠴᠤᠭᠤᠳᠠᠰᠤ ᠨᠢ ᠭᠤᠣᠯᠳᠠᠭᠤ ᠲᠤᠬᠠᠢ ᠶᠢᠨ ᠭᠠᠵᠠᠷ ᠤᠨ ᠲᠣᠣᠷᠠᠢ᠂ ᠰᠤᠬᠠᠢ ᠪᠠᠷ ᠲᠦᠭᠦᠬᠡᠢ ᠮᠠᠲ᠋ᠧᠷᠢᠶᠠᠯ ᠪᠣᠯᠭᠠᠪᠠ᠃ ᠮᠣᠳᠣᠨ ᠴᠤᠭᠤᠳᠠᠰᠤ ᠶᠢᠨ ᠳᠣᠲᠣᠷ᠎ᠠ ᠡᠵᠡᠯᠡᠬᠦ ᠬᠠᠷᠢᠴᠠᠯ ᠬᠠᠮᠤᠭ ᠤᠨ ᠶᠡᠭᠡ ᠨᠢ ᠬᠠᠨ ᠤᠯᠤᠰ ᠤᠨ ᠵᠠᠬᠢᠳᠠᠯ ᠤᠨ ᠳᠡᠪᠲᠡᠷ ᠪᠣᠯᠣᠨ᠎ᠠ᠂ ᠶᠡᠭᠡ ᠪᠠᠭ᠎ᠠ ᠨᠢ 22.5 ᠰᠠᠨᠲ᠋ᠢᠮᠧᠲᠷ  ᠠᠴᠠ 23.5 ᠰᠠᠨᠲ᠋ᠢᠮᠧᠲᠷ ᠤᠨ ᠬᠤᠭᠤᠷᠣᠨᠳᠤ ᠪᠠᠶᠢᠳᠠᠭ᠃ ᠵᠢᠦᠢ ᠶᠠᠨ ᠤ ᠬᠤᠯᠤᠰᠤᠨ ᠴᠤᠭᠤᠳᠠᠰᠤ ᠪᠣᠯ ᠡᠵᠡᠨ᠎ᠡ ᠬᠤᠰᠢᠭᠤᠨ ᠤ ᠬᠢᠯᠢ ᠳᠣᠲᠣᠷ᠎ᠠ ᠠᠴᠠ ᠢᠯᠡᠷᠡᠭᠦᠯᠦᠭᠰᠡᠨ ᠪᠠᠷᠠᠭᠤᠨ ᠬᠠᠨ ᠤᠯᠤᠰ ᠤᠨ ᠦ᠋ ᠳ᠋ᠢ ᠬᠠᠭᠠᠨ ᠠᠴᠠ ᠵᠡᠭᠦᠨ ᠶᠢᠨ ᠤᠯᠤᠰ ᠬᠦᠷᠲᠡᠯᠡᠬᠢ ᠦᠶ᠎ᠡ ᠶᠢᠨ ᠪᠢᠴᠢᠭ ᠪᠣᠯᠣᠨ᠎ᠠ᠂ 270 ᠭᠠᠷᠤᠢ ᠵᠢᠯ ᠤᠨ ᠴᠠᠭ ᠠᠯᠤᠰᠯᠠᠭᠰᠠᠨ ᠵᠢᠦᠢ ᠶᠠᠨ ᠣᠷᠣᠨ ᠤ ᠲᠡᠦᠬᠡ ᠶᠢ  ᠲᠡᠮᠳᠡᠭᠯᠡᠭᠰᠡᠨ ᠨᠡᠪᠲᠡᠷᠬᠡᠢ ᠲᠣᠯᠢ ᠪᠢᠴᠢᠭ᠂ ᠬᠠᠨ ᠤᠯᠤᠰ ᠤᠨ ᠦᠶ᠎ᠡ ᠶᠢᠨ ᠨᠡᠶᠢᠭᠡᠮ ᠲᠡᠦᠬᠡ ᠶᠢ ᠰᠤᠳᠤᠯᠬᠤ ᠠᠩᠬᠠᠨ ᠤ ᠮᠠᠲ᠋ᠧᠷᠢᠶᠠᠯ ᠪᠤᠯᠬᠤ ᠶᠤᠮ᠃      ᠣᠶᠢᠯᠠᠭᠠᠭᠰᠠᠨ ᠢᠶᠠᠷ᠂ ᠣᠳᠣᠬᠠᠨ ᠳᠤ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠲᠤ ᠬᠠᠳᠠᠭᠠᠯᠠᠭᠳᠠᠵᠤ ᠪᠠᠶᠢᠭ᠎ᠠ ᠬᠤᠯᠤᠰᠤᠨ ᠴᠤᠭᠤᠳᠠᠰᠤ ᠨᠡᠶᠢᠲᠡ 439 ᠪᠤᠶ᠃ ᠡᠲᠡᠭᠡᠷ ᠬᠤᠪᠣᠷ ᠨᠠᠨᠳᠢᠨ ᠬᠤᠯᠤᠰᠤᠨ ᠴᠤᠭᠤᠳᠠᠰᠤ ᠶᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠵᠢᠯ  ᠳᠤ ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠠᠴᠠ ᠡᠮᠬᠢᠯᠡᠵᠦ᠂ ᠳ᠋ᠤᠭᠠᠷᠯᠠᠵᠤ᠂ ᠭᠡᠷᠡᠯ ᠵᠢᠷᠤᠭ ᠠᠪᠴᠤ᠂ ᠤᠬᠢᠶᠠᠵᠤ᠂ ᠲᠥᠷᠥᠯ ᠬᠤᠪᠢᠶᠠᠵᠤ᠂ ᠲᠠᠩᠰᠠ ᠡᠪᠬᠡᠮᠡᠯ ᠪᠠᠶᠢᠭᠤᠯᠤᠨ᠂ ᠪᠠᠺᠲ᠋ᠧᠷᠢ ᠶᠢ ᠤᠰᠠᠳᠬᠠᠵᠤ᠂ ᠡᠪᠡᠳᠴᠢᠨ ᠤ ᠬᠤᠣᠷ ᠬᠥᠨᠥᠭᠡᠯ ᠢ ᠰᠡᠷᠭᠡᠶᠢᠯᠡᠨ ᠰᠢᠢᠳᠪᠦᠷᠢᠯᠡᠵᠦ᠂ ᠬᠥᠮᠥᠷᠭᠡ ᠳᠤ ᠬᠠᠳᠠᠭᠠᠯᠠᠵᠠᠢ᠃ 2013 ᠣᠨ ᠤ 4 ᠰᠠᠷ᠎ᠠ ᠳᠤ ᠲᠣᠰ ᠬᠤᠰᠢᠭᠤ ᠯᠠᠨᠵᠧᠦ ᠬᠤᠲᠠ ᠶᠢᠨ ᠬᠤᠲᠠ ᠶᠢᠨ ᠳᠡᠭᠡᠳᠦ ᠰᠤᠷᠭᠠᠭᠤᠯᠢ ᠶᠢᠨ ᠬᠤᠯᠤᠰᠤᠨ ᠴᠤᠭᠤᠳᠠᠰᠤ ᠶᠢᠨ ᠰᠤᠳᠤᠯᠭᠠᠨ ᠤ ᠭᠠᠵᠠᠷ ᠤᠨ ᠰᠦᠨ ᠵᠠᠨ ᠢᠦᠢ ᠳᠡᠳ᠋ ᠫᠷᠤᠹᠧᠰᠰᠤᠷ ᠪᠣᠯᠣᠨ ᠦᠬᠠᠨ ᠶᠡᠭᠡ ᠰᠤᠷᠭᠠᠭᠤᠯᠢ ᠶᠢᠨ ᠬᠤᠯᠤᠰᠤᠨ ᠴᠤᠭᠤᠳᠠᠰᠤ ᠶᠢᠨ ᠰᠤᠳᠤᠯᠭᠠᠨ ᠤ ᠲᠥᠪ ᠤᠨ ᠯᠦ ᠵᠢᠶᠠ ᠯᠢᠶᠠᠩ᠂ ᠳ᠋ᠧᠦ ᠯᠧᠢ ᠳ᠋ᠣᠺᠲ᠋ᠣᠷ ᠵᠡᠷᠭᠡ ᠡᠷᠳᠡᠮᠲᠡᠨ ᠢ ᠡᠵᠡᠨ᠎ᠡ ᠳᠤ ᠤᠷᠢᠵᠤ᠂ ᠬᠤᠯᠤᠰᠤᠨ ᠴᠤᠭᠤᠳᠠᠰᠤ ᠶᠢ ᠤᠯᠠᠭᠠᠨ ᠤ ᠭᠠᠳᠠᠨᠠᠬᠢ ᠲᠤᠶᠠᠭ᠎ᠠ ᠪᠠᠷ ᠰᠡᠭᠦᠳᠡᠷᠯᠡᠬᠦ ᠠᠵᠢᠯ ᠬᠢᠯᠭᠡᠭᠰᠡᠨ ᠪᠥᠭᠡᠳ ᠲᠠᠶᠢᠯᠪᠤᠷᠢ ᠭᠢᠯᠭᠡᠵᠦ ᠪᠦᠭᠦᠨ ᠢ ᠬᠤᠷᠤᠭᠤ ᠰᠢᠯ ᠳᠣᠲᠣᠷ᠎ᠠ ᠪᠢᠲᠡᠭᠦᠮᠵᠢᠯᠡᠨ ᠬᠠᠳᠠᠭᠠᠯᠠᠵᠠᠢ᠃      ︽ᠮᠦᠽᠧᠢ ᠳᠤ ᠬᠠᠳᠠᠭᠠᠯᠠᠵᠤ ᠪᠠᠶᠢᠭᠰᠠᠨ ᠵᠢᠦᠢ ᠶᠠᠨ ᠤ ᠬᠤᠯᠤᠰᠤᠨ ᠴᠤᠭᠤᠳᠠᠰᠤ ᠶᠢ ᠠᠮᠢᠳᠤᠯᠢᠭ ᠠᠰᠢᠭᠯᠠᠬᠤ ᠶᠢᠨ ᠲᠤᠯᠠᠳᠠ 2014 ᠣᠨ ᠠᠴᠠ ᠨᠠᠭᠠᠰᠢ ᠪᠢᠳᠡ ᠤᠷᠢᠳ ᠬᠤᠵᠢᠳ ᠱᠠᠩᠬᠠᠢ᠂ ᠪᠤᠤ ᠵᠢᠢ᠂ ᠭᠦᠭᠡᠬᠤᠲᠠ᠂ ᠵᠢᠦᠴᠢᠦᠸᠠᠨ᠂ ᠦ᠋ ᠸᠧᠢ᠂ ᠳ᠋ᠠᠯᠢᠶᠠᠨ ᠵᠡᠷᠭᠡ ᠭᠠᠵᠠᠷ ᠢᠶᠠᠷ ᠲᠣᠭᠤᠷᠢᠨ ᠦᠵᠡᠭᠦᠯᠭᠡ ᠭᠢᠪᠡ; 2019 ᠣᠨ ᠤ 10 ᠰᠠᠷ᠎ᠠ ᠪᠣᠯᠣᠨ 2023 ᠣᠨ ᠤ 9 ᠰᠠᠷ᠎ᠠ ᠳᠤ ᠪᠢᠳᠡ ᠬᠤᠶᠠᠷ ᠬᠤᠭᠤᠴᠠᠭᠠᠨ ᠤ ᠵᠢᠦᠢ ᠶᠠᠨ ᠰᠣᠶᠣᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠬᠢᠵᠦ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠦᠬᠡ ᠰᠤᠳᠤᠯᠬᠤ ᠭᠠᠵᠠᠷ᠂ ᠬᠠᠭᠠᠨ ᠤ ᠣᠷᠳᠣᠨ ᠤ ᠮᠦᠽᠧᠢ᠂ ᠪᠡᠭᠡᠵᠢᠩ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ 18 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠣᠨ ᠶᠡᠭᠡ ᠳᠡᠭᠡᠳᠦ ᠰᠤᠷᠭᠠᠭᠤᠯᠢ ᠶᠢᠨ ᠲᠡᠦᠬᠡ ᠪᠠ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯᠲᠡᠨ ᠡᠷᠳᠡᠮᠲᠡᠳ︿ᠵᠢᠦᠢ ᠶᠠᠨ ᠰᠣᠶᠣᠯ﹀ ᠤᠨ ᠭᠤᠣᠯ ᠰᠡᠳᠦᠪ ᠤᠨ ᠲᠣᠭᠤᠷᠢᠨ  ᠳᠤ ᠭᠦᠨᠵᠡᠭᠡᠢ ᠰᠣᠯᠢᠯᠴᠠᠭ᠎ᠠ ᠶᠠᠷᠢᠯᠴᠠᠭ᠎ᠠ ᠬᠢᠵᠦ᠂ ᠡᠯᠪᠡᠭ ᠪᠠᠶᠠᠯᠢᠭ ᠰᠤᠳᠤᠯᠭᠠᠨ ᠤ ᠦᠷ᠎ᠡ ᠪᠦᠲᠦᠭᠡᠯ ᠣᠯᠵᠠᠢ᠃  ᠲᠠᠷᠠᠭᠠᠴᠢ ᠪᠠᠷ ᠪᠢᠳᠡ ᠵᠢᠦᠢ ᠶᠠᠨ ᠤ ᠬᠤᠯᠤᠰᠤᠨ ᠴᠤᠭᠤᠳᠠᠰᠤ ᠶᠢᠨ ᠬᠠᠮᠠᠭᠠᠯᠠᠯᠲᠠ ᠪᠠ ᠡᠷᠳᠡᠮ ᠰᠢᠨᠵᠢᠯᠡᠭᠡᠨ ᠤ ᠰᠤᠳᠤᠯᠭᠠᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠤᠯᠤᠰᠤᠨ ᠴᠤᠭᠤᠳᠠᠰᠤ ᠶᠢ ᠣᠲᠣ ᠦᠶ᠎ᠡ  ᠳᠤ ᠨᠠᠩ ᠶᠡᠭᠡ ᠰᠣᠶᠣᠯ ᠤᠨ ᠦᠨ᠎ᠡ ᠥᠷᠲᠡᠭ ᠲᠠᠢ ᠪᠣᠯᠭᠠᠨ᠎ᠠ︾ ᠭᠡᠵᠦ ᠲᠡᠮᠦᠷ ᠬᠡᠯᠡᠨ᠎ᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ