ᠦᠶᠤᠸᠠᠨ ᠰᠢᠶᠠᠨ ᠡᠬᠢ ᠪᠠᠶᠠᠯᠢᠭ ᠤᠨ ᠳᠠᠪᠠᠭᠤᠯᠢᠭ᠂ ᠣᠯᠠᠨ ᠲᠦᠮᠡᠨ ᠤ ᠬᠡᠷᠡᠭᠴᠡᠭᠡ ᠪᠠ ᠲᠥᠷᠥᠯ ᠵᠦᠢᠯ ᠤᠨ ᠪᠣᠳᠠᠲᠤ ᠦᠷ᠎ᠡ ᠪᠦᠲᠦᠮᠵᠢ ᠳᠤ ᠰᠠᠭᠤᠷᠢᠯᠠᠨ ᠂ | ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠠᠮᠢᠳᠤᠯᠢᠭ ᠢᠶᠠᠷ ᠰᠠᠶᠢᠲᠤᠷ ᠠᠰᠢᠭᠯᠠᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠠᠪᠠᠭᠤᠯᠢᠭ ᠲᠥᠷᠥᠯ ᠵᠦᠢᠯ ᠢ ᠬᠥᠭᠵᠢᠭᠦᠯᠦᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠳᠠᠶᠢᠴᠢᠯᠠᠨ᠎ᠠ᠃ | ᠲᠤᠷᠤᠭ ᠪᠠᠯᠭᠠᠰᠤᠨ ᠤ ᠹᠧᠩ ᠴᠠᠨ ᠲᠣᠰᠬᠤᠨ ᠤ ᠲᠦᠩ ᠰᠢᠨ ᠪᠠᠯᠲᠤ ᠬᠡᠮᠬᠡ ᠶᠢᠨ ᠠᠷᠠᠯᠵᠢᠶᠠᠨ ᠤ ᠲᠥᠪ ᠲᠤ᠂ ᠪᠦᠬᠦ ᠤᠯᠤᠰ ᠤᠨ ᠡᠯ᠎ᠡ ᠭᠠᠵᠠᠷ ᠤᠨ | ᠭᠠᠳᠠᠨ᠎ᠠ ᠣᠷᠣᠨ ᠤ ᠬᠤᠳᠠᠯᠳᠤᠭᠠᠴᠢᠳ ᠲᠠᠷᠢᠶᠠᠯᠠᠩ ᠤᠨ ᠭᠠᠷᠤᠯᠲᠠ ᠶᠢ ᠬᠤᠳᠠᠯᠳᠤᠨ ᠠᠪᠬᠤ ᠪᠠᠷ ᠢᠷᠡᠭᠡᠳ ᠪᠠᠶᠢᠯ᠎ᠠ᠃ ᠰᠠᠶ᠋ᠢᠬᠠᠨ ᠲᠡᠭᠦᠭᠰᠡᠨ ᠤᠯᠠᠭᠠᠨ ᠯᠠᠵᠤᠤ ᠶᠢ | ᠰᠢᠯᠢᠨ ᠰᠣᠩᠭᠤᠵᠤ᠂ ᠤᠭᠤᠲᠠᠨ ᠳᠤ ᠰᠠᠪᠠᠯᠠᠨ᠂ ᠲᠡᠷᠭᠡᠨ ᠳᠤ ᠲᠡᠭᠡᠭᠡᠪᠦᠷᠢᠯᠡᠵᠦ᠂ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠨ᠎ᠠ᠃ | ᠦᠶᠤᠸᠠᠨ ᠰᠢᠶᠠᠨ ᠤ ᠲᠤᠷᠤᠭ ᠪᠠᠯᠭᠠᠰᠤᠨ ᠤ ᠹᠧᠩ ᠴᠠᠨ ᠲᠣᠰᠬᠤᠨ ᠤ ᠲᠦᠩ ᠰᠢᠨ ᠪᠠᠯᠲᠤ ᠬᠡᠮᠬᠡ ᠶᠢᠨ ᠠᠷᠠᠯᠵᠢᠶᠠᠨ ᠤ ᠲᠥᠪ ᠤᠨ ᠬᠠᠷᠢᠭᠤᠴᠠᠯᠭᠠᠲᠠᠨ | ᠳ᠋ᠦ᠋ ᠰᠢ ᠮᠢᠩ ᠰᠤᠷᠪᠤᠯᠵᠢᠯᠠᠭᠴᠢ ᠳᠤ ᠠᠷᠠᠯᠵᠢᠶᠠᠨ ᠤ ᠵᠠᠬ᠎ᠠ ᠳᠡᠯᠭᠡᠭᠦᠷ ᠲᠤ ᠤᠳᠤ 23 ᠰᠠᠷᠠᠪᠴᠢᠨ ᠫᠧᠩ ᠲᠠᠢ᠂ 12 ᠲᠡᠷᠭᠡ ᠶᠢ ᠵᠡᠷᠭᠡᠪᠡᠷ ᠠᠴᠢᠶᠠᠯᠠᠵᠤ | ᠪᠠᠭᠤᠯᠭᠠᠵᠤ ᠪᠣᠯᠬᠤ ᠪᠥᠭᠡᠳ ᠡᠳᠦᠷ ᠪᠦᠷᠢ 70 ᠭᠠᠷᠤᠢ ᠬᠥᠯᠥᠰᠦᠨ ᠠᠵᠢᠯᠴᠢᠨ ᠲᠠᠢ ᠭᠡᠪᠡ᠃ ᠲᠤᠷᠤᠭ ᠪᠠᠯᠭᠠᠰᠤᠨ ᠤ ᠹᠧᠩ ᠴᠠᠨ ᠲᠣᠰᠬᠤᠨ ᠳᠤ ᠪᠠᠯᠲᠤ | ᠬᠡᠮᠬᠡ᠂ ᠲᠥᠪᠡᠳ ᠬᠠᠰᠢ᠂ ᠤᠯᠠᠭᠠᠨ ᠯᠠᠵᠤᠤ ᠵᠡᠷᠭᠡ 1.3 ᠲᠦᠮᠡᠨ ᠮᠦ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠵᠤ ᠪᠠᠶᠢᠨ᠎ᠠ᠃ ᠭᠤᠸ᠎ᠠ ᠵᠢᠮᠢᠰ ᠢᠳᠡᠰᠢᠨ | ᠨᠣᠭᠤᠭ᠎ᠠ ᠶᠢᠨ ᠲᠠᠷᠢᠮᠠᠯ ᠤᠨ ᠪᠣᠯᠪᠠᠰᠤᠷᠠᠬᠤ ᠬᠤᠭᠤᠴᠠᠭ᠎ᠠ ᠪᠠ ᠲᠡᠭᠦᠬᠦ ᠬᠤᠭᠤᠴᠠᠭ᠎ᠠ ᠣᠬᠤᠷ᠂ ᠵᠠᠬ᠎ᠠ ᠳᠡᠯᠭᠡᠭᠦᠷ ᠲᠤ ᠲᠥᠪᠯᠡᠷᠡᠭᠦᠯᠦᠨ ᠪᠣᠷᠣᠯᠠᠭᠤᠯᠬᠤ ᠠᠰᠠᠭᠤᠳᠠᠯ ᠢ | ᠰᠢᠢᠳᠪᠦᠷᠢᠯᠡᠬᠦ ᠶᠢᠨ ᠲᠤᠰᠠᠳᠠ᠂ ᠲᠤᠷᠤᠭ ᠪᠠᠯᠭᠠᠰᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ᠂ ︽ᠨᠢᠭᠡ ᠶᠠᠪᠤᠳᠠᠯ ᠢ ᠨᠢᠭᠡ ᠵᠥᠪᠯᠡᠬᠦ︾ | ᠪᠡᠯᠡ ᠮᠥᠩᠭᠦ ᠵᠡᠷᠭᠡ 200 ᠭᠠᠷᠤᠢ ᠲᠦᠮᠡᠨ ᠲᠥᠭᠦᠷᠢᠭ ᠲᠤ ᠲᠦᠰᠢᠭᠯᠡᠨ᠂ ᠪᠠᠯᠭᠠᠰᠤᠨ ᠳᠤ ᠵᠢᠮᠢᠰ ᠨᠣᠭᠤᠭ᠎ᠠ ᠶᠢᠨ ᠠᠷᠠᠯᠵᠢᠶᠠᠨ ᠤ ᠲᠥᠪ ᠪᠠᠶᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠳᠤ ᠲᠥᠬᠦᠮ ᠦᠵᠡᠭᠦᠯᠦᠭᠰᠡᠨ ᠪᠠᠶᠢᠨ᠎ᠠ᠃ | ᠦᠶᠤᠸᠠᠨ ᠰᠢᠶᠠᠨ ᠤ ᠲᠤᠷᠤᠭ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠱᠠᠩ ᠸᠧᠨ ᠰᠤᠷᠪᠤᠯᠵᠢᠯᠠᠭᠴᠢ ᠳᠤ 2021 ᠣᠨ ᠠᠴᠠ ᠨᠠᠰᠢ᠂ ᠹᠧᠩ | ᠴᠠᠨ ᠲᠣᠰᠬᠤᠨ᠂ ᠹᠧᠩ ᠬᠤᠸᠠ ᠲᠣᠰᠬᠤᠨ ᠵᠡᠷᠭᠡ 6 ᠲᠣᠰᠬᠤᠨ ᠳᠤ 9 ᠠᠷᠠᠯᠵᠢᠶᠠᠨ ᠤ ᠲᠥᠪ ᠪᠠ ᠰᠢᠯᠢᠵᠦ ᠰᠣᠩᠭᠤᠬᠤ ᠰᠠᠭᠤᠷᠢᠨ ᠭᠠᠵᠠᠷ ᠪᠠᠶᠢᠭᠤᠯᠵᠤ ᠂ 46 | ᠳᠤᠭᠤᠶᠢᠯᠠᠩ ᠤᠨ 5000 ᠭᠠᠷᠤᠢ ᠬᠥᠮᠥᠨ ᠳᠤ ᠰᠢᠭᠤᠳ ᠠᠰᠢᠭ ᠬᠦᠷᠲᠡᠭᠡᠭᠰᠡᠨ ᠭᠡᠪᠡ᠃ | ᠣᠶᠢᠷ᠎ᠠ ᠶᠢᠨ ᠵᠢᠯ ᠳᠤ᠂ ᠦᠶᠤᠸᠠᠨ ᠰᠢᠶᠠᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ 1939 ᠲᠦᠮᠡᠨ ᠲᠥᠭᠦᠷᠢᠭ ᠢ | ᠴᠢᠷᠮᠠᠶᠢᠨ ᠣᠯᠵᠤ᠂ ᠪᠦᠬᠦ ᠰᠢᠶᠠᠨ ᠤ 7 ᠰᠢᠶᠠᠩ ᠪᠠᠯᠭᠠᠰᠤᠨ ᠳᠤ ᠤᠰᠤᠨ ᠠᠰᠢᠭᠯᠠᠯᠲᠠ ᠶᠢᠨ ᠤᠰᠤᠯᠠᠯᠲᠠ᠂ ᠣᠨᠴᠠᠯᠢᠭᠲᠤ ᠲᠠᠷᠢᠵᠤ ᠲᠡᠵᠢᠭᠡᠨ ᠦᠷᠡᠵᠢᠭᠦᠯᠬᠦ᠂ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠵᠡᠷᠭᠡ 57 ᠳᠠᠶᠢᠴᠢᠯᠠᠬᠤ ᠬᠦᠴᠦᠨ ᠢᠶᠠᠷ ᠴᠢᠩᠭ᠎ᠠ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢᠶᠠᠷ | ᠲᠦᠷᠭᠡᠨ ᠳᠠᠪᠠᠭᠤᠯᠢᠭ ᠠᠵᠤ ᠦᠢᠯᠡᠰ ᠤᠨ ᠲᠦᠷᠦᠯ ᠵᠦᠢᠯ ᠢ ᠪᠦᠷᠢᠳᠦᠭᠦᠯᠦᠭᠰᠡᠨ ᠪᠠᠶᠢᠨ᠎ᠠ᠃ | |