ᠤᠷᠮ᠎ᠠ ᠰᠡᠳᠬᠢᠯᠭᠡ ᠠᠨᠠᠢ ᠳᠠᠷᠤᠯᠲᠠ ᠶᠡᠭᠡ ᠪᠣᠯ ᠵᠢᠷᠦᠬᠡᠨ ᠤ ᠡᠷᠡᠭᠦᠯ ᠴᠢᠭᠢᠷᠠᠭ ᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2024/11/5
      2023 ᠣᠨ ᠤ ᠠᠮᠧᠷᠢᠺᠠ ᠶᠢᠨ ᠵᠢᠷᠦᠬᠡᠨ ᠤ ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠣᠨ ᠤ ᠬᠤᠷᠠᠯ ᠳᠡᠭᠡᠷ᠎ᠡ ᠨᠡᠶᠢᠲᠡᠯᠡᠬᠦ ᠭᠡᠵᠦ ᠪᠠᠶᠢᠭ᠎ᠠ ᠬᠤᠶᠠᠷ ᠵᠦᠢᠯ ᠤᠨ ᠠᠩᠬ᠎ᠠ ᠠᠯᠬᠤᠮ ᠤᠨ ᠰᠤᠳᠤᠯᠭᠠᠨ ᠢ ᠦᠨᠳᠦᠰᠦᠯᠡᠪᠡᠯ᠂ ᠵᠢᠷᠦᠬᠡ ᠪᠠ ᠶᠡᠭᠡ ᠲᠠᠷᠢᠬᠢ ᠨᠢᠭᠲᠠ ᠬᠤᠯᠪᠣᠯᠳᠤᠵᠤ᠂ ᠭᠠᠩᠰᠠᠷᠠᠬᠤ᠂ ᠵᠣᠪᠠᠨᠢᠬᠤ ᠪᠠ ᠤᠳᠠᠭᠠᠨ ᠴᠢᠨᠠᠷᠲᠠᠢ ᠳᠠᠷᠤᠯᠲᠠ ᠨᠢ ᠴᠥᠮ ᠵᠢᠷᠦᠬᠡ ᠪᠠ ᠶᠡᠭᠡ ᠲᠠᠷᠢᠬᠢᠨ ᠤ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠬᠦ ᠪᠣᠯᠣᠨ᠎ᠠ᠃          ᠬᠤᠶᠠᠷ ᠵᠦᠢᠯ ᠤᠨ ᠰᠢᠨ᠎ᠡ ᠰᠤᠳᠤᠯᠭᠠᠨ ᠤ ᠳᠤᠮᠳᠠ᠂ ᠰᠤᠳᠤᠯᠭᠠᠨ ᠤ ᠠᠵᠢᠯᠲᠠᠨ ᠨᠢᠭᠡ ᠬᠥᠮᠥᠨ ᠤ ᠰᠡᠳᠬᠢᠴᠡ ᠶᠢᠨ ᠪᠠᠶᠢᠳᠠᠯ ᠤᠨ ᠵᠢᠷᠦᠬᠡᠨ ᠤ ᠡᠷᠡᠭᠦᠯ ᠮᠡᠨᠳᠦ ᠳᠤ ᠦᠵᠡᠭᠦᠯᠭᠦ ᠨᠥᠯᠥᠭᠡᠨ ᠤ ᠬᠡᠮᠵᠢᠶ᠎ᠡ ᠶᠢ ᠵᠠᠳᠠᠯᠪᠠ᠃ ᠨᠢᠭᠡᠳᠦᠭᠡᠷ ᠰᠤᠳᠤᠯᠭᠠᠨ ᠳᠤ ᠣᠶᠤᠨ ᠰᠠᠨᠠᠭᠠᠨ ᠤ ᠪᠠᠶᠢᠳᠠᠯ ᠨᠢ ᠵᠢᠷᠦᠬᠡᠨ ᠤ ᠡᠷᠡᠭᠦᠯ ᠮᠡᠨᠳᠦ ᠶᠢ ᠨᠥᠯᠥᠭᠡᠯᠡᠬᠦ ᠲᠣᠭᠲᠠᠴᠠ ᠶᠢ ᠰᠤᠳᠤᠯᠵᠠᠢ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠵᠣᠪᠠᠨᠢᠯ ᠪᠠ ᠭᠠᠩᠰᠠᠷᠠᠯ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢᠨ ᠰᠢᠨ᠎ᠡ ᠬᠦᠴᠦᠨ ᠵᠦᠢᠯ ᠤᠨ ᠬᠥᠭᠵᠢᠯᠲᠡ ᠶᠢ ᠲᠦᠷᠭᠡᠳᠬᠡᠵᠡᠢ᠃ 38% ᠶᠢᠨ ᠰᠤᠳᠤᠯᠭᠠᠨ ᠳᠤ ᠣᠷᠣᠯᠴᠠᠭᠴᠢ ᠳᠠᠭᠠᠵᠤ ᠰᠤᠷᠪᠤᠯᠵᠢᠯᠠᠬᠤ ᠬᠤᠭᠤᠴᠠᠭᠠᠨ ᠳᠤ ᠵᠢᠷᠦᠬᠡ ᠴᠢᠰᠤᠨ ᠰᠤᠳᠠᠯ ᠤᠨ ᠠᠶᠤᠯᠲᠤ ᠰᠢᠨ᠎ᠡ ᠡᠯᠧᠮᠧᠨ᠋ᠲ ᠢᠯᠡᠷᠡᠪᠡ᠂ ᠵᠢᠱᠢᠶᠡᠯᠡᠪᠡᠯ ᠴᠢᠰᠤᠨ ᠳᠠᠷᠤᠯᠲᠠ ᠥᠨᠳᠥᠷ᠂ ᠰᠥᠰᠥᠨ ᠤ ᠭᠤᠨᠠᠨ ᠠᠯᠺᠤᠣᠯ ᠥᠨᠳᠥᠷ ᠪᠤᠶᠤ II ᠭᠡᠯᠪᠡᠷᠢ ᠶᠢᠨ ᠰᠢᠬᠢᠷ ᠰᠢᠵᠢᠩ ᠡᠪᠡᠳᠴᠢᠨ ᠵᠡᠷᠭᠡ ᠪᠣᠯᠣᠨ᠎ᠠ᠃ ᠭᠠᠩᠰᠠᠷᠠᠬᠤ ᠪᠠ ᠵᠣᠪᠠᠨᠢᠬᠤ ᠨᠢ ᠵᠢᠷᠦᠬᠡᠨ ᠡᠪᠡᠳᠴᠢᠨ ᠪᠤᠶᠤ ᠰᠠ ᠡᠪᠡᠳᠴᠢᠨ ᠵᠡᠷᠭᠡ ᠬᠦᠨᠳᠦ ᠶᠡᠭᠡ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠶᠢ ᠪᠠᠷᠤᠭ 35% ᠪᠠᠷ ᠨᠡᠮᠡᠭᠳᠡᠭᠦᠯᠦᠨ᠎ᠡ᠃ ᠨᠡᠯᠢᠶᠡᠳ ᠥᠨᠳᠥᠷ ᠳᠠᠷᠤᠯᠲᠠ ᠲᠠᠢ ᠤᠳᠤᠮᠰᠢᠯ ᠤᠨ ᠬᠠᠨᠳᠤᠰᠢ ᠲᠠᠢ ᠬᠥᠮᠥᠨ ᠵᠠᠯᠠᠭᠤ ᠶᠢᠨ ᠦᠶ᠎ᠡ ᠳᠡᠭᠡᠨ ᠳᠠᠷᠤᠢ ᠠᠩᠬᠠᠳᠠᠭᠴᠢ ᠵᠢᠷᠦᠬᠡ ᠴᠢᠰᠤᠨ ᠰᠤᠳᠠᠯ ᠤᠨ ᠠᠶᠤᠯᠲᠤ ᠡᠯᠧᠮᠧᠨ᠋ᠲ ︵ ᠤᠳᠤᠮᠰᠢᠯ ᠤᠨ ᠲᠡᠮᠳᠡᠭ ᠦᠭᠡᠢ ᠬᠥᠮᠥᠨ ᠠᠴᠠ ᠳᠤᠮᠳᠠᠴᠢ ᠪᠠᠷ 1.5 ᠵᠢᠯ ᠡᠷᠲᠡ︶ ᠢᠯᠡᠷᠡᠵᠡᠢ᠃          ᠨᠥᠭᠦᠭᠡ ᠨᠢᠭᠡ ᠰᠤᠳᠤᠯᠭᠠᠨ ᠤ ᠳᠤᠮᠳᠠ᠂ ᠰᠤᠳᠤᠯᠭᠠᠨ ᠤ ᠠᠵᠢᠯᠲᠠᠨ ᠬᠤᠷᠠᠮᠳᠤᠯ ᠳᠠᠷᠤᠯᠲᠠ ᠶᠢᠨ ᠵᠢᠷᠦᠬᠡ ᠪᠠ ᠶᠡᠭᠡ ᠲᠠᠷᠢᠬᠢᠨ ᠤ ᠡᠷᠡᠭᠦᠯ ᠮᠡᠨᠳᠦ ᠳᠤ ᠦᠵᠡᠭᠦᠯᠭᠦ ᠨᠥᠯᠥᠭᠡ ᠶᠢ ᠬᠠᠶᠢᠨ ᠰᠤᠳᠤᠯᠪᠠ᠃ ᠨᠢᠭᠡ ᠰᠠᠷ᠎ᠠ ᠶᠢᠨ ᠬᠤᠭᠤᠴᠠᠭᠠᠨ ᠳᠤ᠂ ᠰᠤᠳᠤᠯᠭᠠᠨ ᠤ ᠠᠵᠢᠯᠲᠠᠨ ᠡᠩ ᠤᠨ ᠴᠢᠨᠠᠷᠲᠠᠢ ᠡᠳᠦᠷ ᠲᠤᠲᠤᠮ ᠤᠨ ᠳᠠᠷᠤᠯᠲᠠ᠂ ᠨᠡᠶᠢᠭᠡᠮ ᠤᠨ ᠰᠡᠳᠬᠢᠴᠡ ᠶᠢᠨ ᠳᠠᠷᠤᠯᠲᠠ᠂ ᠠᠵᠤ ᠠᠬᠤᠢ ᠶᠢᠨ ᠳᠠᠷᠤᠯᠲᠠ ᠪᠠ ᠬᠥᠷᠰᠢ ᠵᠡᠷᠭᠡᠯᠡᠳᠡᠭᠡ ᠶᠢᠨ ᠬᠢᠨ ᠤ ᠮᠡᠳᠡᠷᠡᠵᠦ ᠪᠠᠶᠢᠭ᠎ᠠ ᠳᠠᠷᠤᠯᠲᠠ ᠶᠢ ︽ ᠬᠤᠷᠠᠮᠳᠤᠯ ᠳᠠᠷᠤᠯᠲᠠ ᠶᠢᠨ ᠬᠤᠪᠢ︾ ᠳᠤ ᠨᠡᠶᠢᠯᠡᠭᠦᠯᠦᠨ ᠣᠷᠣᠭᠤᠯᠤᠭᠰᠠᠨ ᠪᠠᠶᠢᠨ᠎ᠠ᠃ ᠴᠢᠰᠤᠨ ᠳᠠᠷᠤᠯᠲᠠ ᠥᠨᠳᠥᠷ᠂ ᠰᠥᠰᠥᠨ ᠤ ᠭᠤᠨᠠᠨ ᠠᠯᠺᠤᠣᠯ ᠥᠨᠳᠥᠷ᠂ ᠲᠠᠮᠠᠬᠢ ᠲᠠᠲᠠᠬᠤ ᠪᠠ IIᠭᠡᠯᠪᠡᠷᠢ ᠶᠢᠨ ᠰᠢᠬᠢᠷ ᠰᠢᠵᠢᠩ ᠡᠪᠡᠳᠴᠢᠨ ᠵᠡᠷᠭᠡ ᠲᠦᠭᠰᠢᠭᠦᠷᠢᠲᠦ ᠡᠯᠧᠮᠧᠨ᠋ᠲ ᠵᠢᠴᠢ ᠣᠷᠣᠯᠭ᠎ᠠ ᠪᠠ ᠰᠤᠷᠭᠠᠨ ᠬᠥᠮᠦᠵᠢᠯ ᠤᠨ ᠡᠯᠧᠮᠧᠨ᠋ᠲ ᠢ ᠲᠣᠬᠢᠷᠠᠭᠤᠯᠤᠭᠰᠠᠨ ᠤ ᠳᠠᠷᠠᠭ᠎ᠠ᠂ ᠰᠤᠳᠤᠯᠭᠠᠨ ᠤ ᠠᠵᠢᠯᠲᠠᠨ ᠤ ᠢᠯᠡᠷᠡᠭᠦᠯᠦᠭᠰᠡᠨ ᠢᠶᠠᠷ᠂ ᠬᠤᠷᠠᠮᠳᠤᠭᠰᠠᠨ ᠳᠠᠷᠤᠯᠲᠠ ᠨᠡᠮᠡᠭᠳᠡᠪᠡᠯ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠲᠦᠭᠰᠢᠭᠦᠷᠢ ᠶᠢ 22% ᠨᠡᠮᠡᠭᠳᠡᠭᠦᠯᠵᠦ᠂ ᠵᠢᠷᠦᠬᠡ ᠴᠢᠰᠤᠨ ᠰᠤᠳᠠᠯ ᠤᠨ ᠡᠪᠡᠳᠴᠢᠨ ᠤ ᠶᠡᠷᠦᠩᠬᠡᠢ ᠲᠦᠭᠰᠢᠭᠦᠷᠢ ᠶᠢ 20% ᠨᠡᠮᠡᠭᠳᠡᠭᠦᠯᠵᠦ ᠮᠡᠳᠡᠨ᠎ᠡ᠃ ᠥᠨᠳᠥᠷ ᠬᠤᠪᠢ ᠣᠯᠣᠭᠰᠠᠨ ᠬᠥᠮᠥᠰ ᠪᠠᠰᠠ ᠴᠢᠰᠤᠨ ᠳᠠᠷᠤᠯᠲᠠ ᠥᠨᠳᠥᠷ᠂ ᠬᠦᠨᠳᠦ ᠬᠡᠲᠦᠷᠡᠭᠰᠡᠨ᠂ ᠲᠠᠮᠢᠷ ᠤᠨ ᠬᠥᠳᠡᠯᠭᠡᠭᠡᠨ ᠳᠤᠲᠠᠮᠠᠭ ᠪᠠ ᠲᠠᠮᠠᠬᠢ ᠲᠠᠲᠠᠭᠰᠠᠨ ᠲᠠᠢ ᠬᠤᠯᠪᠤᠭ᠎ᠠ ᠲᠠᠢ᠃          ᠵᠠᠳᠠᠯᠤᠯᠲᠠ ᠠᠴᠠ ᠦᠵᠡᠪᠡᠯ᠂ ᠦᠷᠭᠦᠯᠵᠢᠯᠡᠭᠰᠡᠨ ᠳᠠᠷᠤᠯᠲᠠ ᠨᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠡᠮᠵᠢᠨ ᠵᠢᠷᠦᠬᠡ ᠪᠠ ᠶᠡᠭᠡ ᠲᠠᠷᠢᠬᠢᠨ ᠤ ᠡᠷᠡᠭᠦᠯ ᠮᠡᠨᠳᠦ ᠶᠢᠨ ᠪᠠᠶᠢᠳᠠᠯ ᠢ ᠮᠠᠭᠤᠳᠠᠭᠤᠯᠬᠤ ᠲᠦᠭᠰᠢᠭᠦᠷᠢ ᠶᠢ ᠨᠡᠮᠡᠭᠳᠡᠭᠦᠯᠳᠡᠭ᠄ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠢᠭᠤᠳ ᠨᠥᠯᠥᠭᠡᠯᠡᠬᠦ ᠵᠢᠴᠢ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ︵ᠲᠠᠮᠠᠬᠢ ᠲᠠᠲᠠᠬᠤ᠂ ᠤᠳᠠᠭᠠᠨ ᠰᠠᠭᠤᠬᠤ ᠵᠡᠷᠭᠡ︶ ᠨᠢ ᠳᠠᠮ ᠢᠶᠠᠷ ᠵᠢᠷᠦᠬᠡ ᠴᠢᠰᠤᠨ ᠰᠤᠳᠠᠯ ᠤᠨ ᠡᠷᠡᠭᠦᠯ ᠮᠡᠨᠳᠦ ᠶᠢᠨ ᠪᠠᠶᠢᠳᠠᠯ ᠢ ᠮᠠᠭᠤᠳᠠᠭᠤᠯᠬᠤ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ