ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ | ᠤ ᠣᠷᠣᠨ ᠤ ᠬᠥᠯᠥᠨ ᠪᠤᠶᠢᠷ ᠤᠨ ᠭᠠᠶᠢᠮᠤ ᠴᠡᠴᠡᠭ ᠤᠨ ᠲᠣᠰᠣ᠂ ᠤᠯᠠᠭᠠᠨᠴᠠᠪ ᠤᠨ ᠨᠣᠬᠠᠢ ᠶᠢᠨ ᠬᠤᠰᠢᠭᠤ᠂ ᠬᠢᠩᠭᠠᠨ ᠠᠶᠢᠮᠠᠭ ᠤᠨ ᠦᠬᠡᠷ ᠤᠨ ᠮᠢᠬ᠎ᠠ᠂ ᠬᠥᠯᠥᠨ | ᠪᠤᠶᠢᠷ ᠤᠨ ᠪᠡᠯᠴᠢᠭᠡᠷ ᠤᠨ ᠬᠤᠨᠢ ᠶᠢᠨ ᠮᠢᠬ᠎ᠠ ᠵᠡᠷᠭᠡ 4 ᠲᠦᠷᠦᠯ ᠲᠡᠮᠳᠡᠭ ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠤ ᠲᠦᠷᠦᠭᠦᠬᠡᠨ ᠨᠡᠶᠢᠲᠡᠯᠡᠭᠰᠡᠨ | 2024 ᠣᠨ ᠤ ᠬᠥᠳᠡᠭᠡ ᠠᠵᠤ ᠠᠬᠤᠢ ᠶᠢᠨ ᠰᠣᠳᠣᠨ ᠲᠦᠷᠦᠯ ᠲᠡᠮᠳᠡᠭ ᠢ ᠪᠣᠶᠢᠵᠢᠭᠤᠯᠬᠤ ᠲᠥᠯᠥᠪᠯᠡᠭᠡ ᠶᠢᠨ ᠨᠡᠷᠡᠰ ᠲᠤ ᠰᠣᠩᠭᠤᠭᠳᠠᠨ ᠣᠷᠣᠪᠠ᠃ | ᠬᠥᠯᠥᠨ ᠪᠤᠶᠢᠷ ᠬᠤᠳᠠ ᠤᠮᠠᠷᠠᠲᠤ ᠥᠷᠭᠡᠷᠢᠭ ᠤᠨ 49° ᠲᠤ ᠪᠠᠶᠢᠷᠢᠯᠠᠵᠤ᠂ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠲᠣᠰᠣᠯᠢᠭ ᠲᠠᠷᠢᠮᠠᠯ ᠤᠨ ᠭᠤᠣᠯ | ᠭᠠᠷᠤᠯᠲᠠ ᠶᠢᠨ ᠣᠷᠣᠨ ᠮᠥᠨ᠃ ᠭᠠᠶᠢᠮᠤ ᠴᠡᠴᠡᠭ ᠤᠨ ᠳᠤᠰᠤᠨ ᠤ ᠶᠠᠰᠤ ᠴᠢᠨᠠᠷ ᠨᠢ ᠳᠡᠯᠡᠬᠡᠢ ᠳᠤ ᠣᠷᠣᠶᠢᠯᠠᠵᠤ᠂ ᠲᠦᠭᠦᠬᠡᠢ ᠮᠠᠲ᠋ᠧᠷᠢᠶᠠᠯ ᠪᠠ ᠪᠦᠲᠦᠭᠡᠭᠳᠡᠬᠦᠨ ᠨᠢ | ᠪᠦᠷ ᠤᠯᠤᠰ ᠤᠨ ᠪᠣᠬᠢᠷᠳᠤᠯ ᠦᠭᠡᠢ ᠢᠳᠡᠭᠡᠨ ᠤ ᠭᠡᠷᠡᠴᠢᠯᠡᠯ ᠢ ᠣᠯᠵᠤ᠂ ︽ᠳᠣᠷᠣᠨᠠᠳᠠᠬᠢᠨ ᠤ ᠠᠷᠤᠷ᠎ᠠ ᠶᠢᠨ ᠲᠣᠰᠣ︾ ᠭᠡᠰᠡᠨ ᠰᠠᠶᠢᠬᠠᠨ ᠠᠯᠳᠠᠷ ᠲᠠᠢ᠃ ᠤᠯᠠᠭᠠᠨᠴᠠᠪ | ᠬᠤᠳᠠ ᠪᠣᠯ ᠨᠣᠬᠠᠢ ᠶᠢᠨ ᠬᠤᠰᠢᠭᠤ ᠶᠢᠨ ᠰᠢᠵᠢᠷ ᠠᠯᠳᠠᠨ ᠭᠠᠷᠤᠯᠲᠠ ᠶᠢᠨ ᠣᠷᠣᠨ ᠪᠠᠶᠢᠵᠤ᠂ ︽ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠬᠤᠲᠠ︾ | ᠭᠡᠰᠡᠨ ᠠᠯᠳᠠᠷ ᠲᠠᠢ᠂ ᠤᠳᠤ ᠲᠤᠰ ᠬᠤᠲᠠ ᠶᠢᠨ ᠨᠣᠬᠠᠢ ᠶᠢᠨ ᠬᠤᠰᠢᠭᠤ ᠶᠢᠨ ᠲᠠᠷᠢᠮᠠᠯ ᠤᠨ ᠲᠠᠯᠠᠪᠠᠢ 150 ᠲᠦᠮᠡᠨ ᠮᠦ ᠣᠷᠴᠢᠮ ᠳᠤ ᠲᠣᠭᠲᠠᠪᠤᠷᠢᠵᠢᠨ᠂ ᠲᠠᠯᠠᠪᠠᠶ | ᠪᠠ ᠭᠠᠷᠤᠯᠲᠠ ᠪᠠᠷ ᠪᠦᠭᠦ ᠤᠯᠤᠰ ᠲᠤ ᠲᠦᠷᠦᠭᠦᠯᠡᠵᠦ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ 6 ᠳᠠᠭᠠᠭᠤᠯᠤᠭᠴᠢ ᠠᠵᠤ ᠠᠬᠤᠶᠢᠯᠠᠯ ᠪᠠ 200 | ᠭᠠᠷᠤᠢ ᠳᠤᠮᠳᠠ ᠪᠠᠭ᠎ᠠ ᠠᠵᠤ ᠠᠬᠤᠶᠢᠯᠠᠯ ᠲᠠᠢ ᠪᠠᠶᠢᠵᠤ᠂ ᠨᠢᠭᠡᠨᠲᠡ ᠦᠷ᠎ᠡ ᠪᠣᠶᠢᠵᠢᠭᠤᠯᠬᠤ᠂ ᠲᠠᠷᠢᠵᠤ ᠠᠷᠠᠴᠢᠯᠠᠬᠤ᠂ ᠡᠳ᠋ᠰᠢᠭᠦᠯᠵᠦ ᠪᠤᠯᠪᠠᠰᠤᠷᠠᠭᠤᠯᠬᠤ᠂ ᠪᠣᠷᠣᠯᠠᠭᠤᠯᠬᠤ | ᠪᠠ ᠬᠠᠳᠠᠭᠠᠯᠠᠬᠤ ᠪᠦᠭᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠪᠡ᠃ | ᠬᠢᠩᠭᠠᠨ ᠠᠶᠢᠮᠠᠭ ᠤᠨ ᠮᠢᠬᠠᠨ ᠤ ᠦᠬᠡᠷ ᠭᠤᠣᠯᠳᠠᠭᠤ ᠤᠯᠠᠭᠠᠨᠬᠤᠲᠠ᠂ ᠷᠠᠰᠢᠶᠠᠨ ᠬᠤᠲᠠ᠂ ᠲᠦᠴᠢᠦᠸᠠᠨ ᠰᠢᠶᠠᠨ᠂ ᠵᠠᠯᠠᠶᠢᠳ ᠬᠤᠰᠢᠭᠤ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠷᠭᠡ 6 ᠬᠤᠰᠢᠭᠤ ᠰᠢᠶᠠᠨ ᠬᠤᠲᠠ ᠶᠢᠨ 62 ᠰᠤᠮᠤ ᠰᠢᠶᠠᠩ ᠪᠠᠯᠭᠠᠰᠤ ᠵᠢᠴᠢ | ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠳᠤ ᠲᠠᠷᠬᠠᠵᠤ᠂ ᠵᠢᠯ ᠳᠤ 100 ᠲᠦᠮᠡᠨ ᠮᠢᠬᠠᠨ ᠤ ᠦᠬᠡᠷ ᠲᠡᠵᠢᠭᠡᠨ 40 ᠲᠦᠮᠡᠨ ᠮᠢᠬᠠᠨ ᠤ ᠦᠬᠡᠷ | ᠬᠤᠳᠠᠯᠳᠤᠵᠤ᠂ ᠮᠢᠬᠠᠨ ᠤ ᠭᠠᠷᠤᠯᠲᠠ ᠨᠢ 3 ᠲᠦᠮᠡᠨ ᠲᠣᠨ ᠳᠤ ᠬᠦᠷᠴᠦ ᠪᠠᠶᠢᠨ᠎ᠠ᠃ ᠬᠥᠯᠥᠨ ᠪᠤᠶᠢᠷ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠪᠠᠶᠢᠭᠠᠯᠢ | ᠶᠢᠨ ᠣᠷᠴᠢᠨ ᠲᠣᠭᠤᠷᠢᠨ ᠪᠠ ᠠᠭᠤᠷ ᠠᠮᠢᠰᠬᠤᠯ ᠨᠢ ᠪᠡᠯᠴᠢᠭᠡᠷ ᠤᠨ ᠬᠤᠨᠢ ᠶᠢᠨ ᠮᠢᠬᠠᠨ ᠤ ᠰᠢᠯᠢᠳᠡᠭ ᠰᠠᠶᠢᠨ ᠴᠢᠨᠠᠷ ᠴᠢᠨᠰᠠᠭ᠎ᠠ ᠶᠢ ᠪᠤᠶ ᠪᠣᠯᠭᠠᠪᠠ᠃ ᠬᠥᠯᠥᠨ | ᠪᠤᠶᠢᠷ ᠤᠨ ᠪᠡᠯᠴᠢᠭᠡᠷ ᠤᠨ ᠬᠤᠨᠢ ᠶᠢᠨ ᠮᠢᠬ᠎ᠠ ᠨᠢ ᠰᠣᠷᠭᠤᠭ ᠰᠠᠶᠢᠬᠠᠨ᠂ ᠰᠢᠩᠭᠡᠭ ᠦᠨᠦᠷ ᠦᠭᠡᠢ᠂ ᠤᠭᠤᠷᠠᠭ ᠶᠡᠭᠡ ᠲᠠᠢ᠂ ᠥᠭᠡᠬᠦ ᠪᠠᠭ᠎ᠠ᠂ ᠪᠤᠯᠴᠢᠩ ᠤᠨ | ᠬᠤᠭᠤᠷᠣᠨᠳᠣᠭᠢ ᠥᠭᠡᠬᠦ ᠶᠢᠨ ᠲᠠᠷᠬᠠᠯᠲᠠ ᠨᠢ ᠵᠢᠭᠳᠡ᠂ ᠬᠥᠮᠥᠨ ᠤ ᠪᠡᠶ᠎ᠡ ᠳᠤ ᠬᠡᠷᠡᠭᠰᠡᠬᠦ ᠰᠢᠪᠲᠦᠷᠲᠦ ᠬᠦᠴᠢᠯ ᠪᠠ ᠥᠭᠡᠬᠦᠨ ᠬᠦᠴᠢᠯ ᠡᠯᠪᠡᠭ ᠠᠭᠤᠯᠤᠭᠳᠠᠵᠤ᠂ | ᠬᠠᠭᠤᠷᠠᠢ ᠪᠣᠳᠠᠰ ᠤᠨ ᠠᠭᠤᠯᠤᠭᠳᠠᠴᠠ ᠨᠢ ᠬᠠᠮᠤᠭ ᠤᠨ ᠥᠨᠳᠥᠷ ᠲᠡᠭᠡᠨ 51.97% ᠬᠦᠷᠴᠦ᠂ ᠡᠩ ᠤᠨ ᠬᠤᠨᠢᠨ ᠮᠢᠬ᠎ᠠ ᠠᠴᠠ 4.59% ᠥᠨᠳᠥᠷ ᠪᠠᠶᠢᠳᠠᠭ᠃ | | |