ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯ ᠴᠣᠭᠴᠠ 10 ᠭᠠᠷᠤᠢ ᠵᠢᠯ ᠳᠤ 4 ᠳᠠᠭᠢᠨ ᠨᠡᠮᠡᠭᠳᠡᠵᠡᠢ
ᠨᠡᠶᠢᠲᠡᠯᠡᠭᠰᠡᠨ ᠴᠠᠭ᠄
2024/11/8
      ᠰᠤᠷᠪᠤᠯᠵᠢᠯᠠᠬᠴᠢ 6 ᠤ ᠡᠳᠦᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠤ 9 ᠰᠠᠷ᠎ᠠ ᠶᠢᠨ ᠰᠡᠭᠦᠯᠴᠢ ᠪᠤᠯᠲᠠᠯ᠎ᠠ᠂ ᠮᠠᠨ ᠤ ᠤᠯᠤᠰ ᠤᠨ ᠪᠣᠳᠠᠲᠠᠢ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯ ᠴᠣᠭᠴᠠ ᠶᠢᠨ ᠶᠡᠷᠦᠩᠬᠡᠢ ᠬᠡᠮᠵᠢᠶ᠎ᠡ 18086.48 ᠲᠦᠮᠡᠨ ᠡᠷᠦᠭᠡ ᠳᠤ ᠬᠦᠷᠴᠦ᠂ ᠡᠵᠡᠩᠨᠡᠯᠲᠡ ᠶᠢᠨ ᠭᠤᠣᠯ ᠴᠣᠭᠴᠠ ᠶᠢᠨ ᠶᠡᠷᠦᠩᠬᠡᠢ ᠬᠡᠮᠵᠢᠶ᠎ᠡ ᠶᠢᠨ 96.37% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.93% ᠪᠠᠷ ᠨᠡᠮᠡᠭᠳᠡᠵᠦ᠂ 10 ᠭᠠᠷᠤᠢ ᠵᠢᠯ ᠳᠤ 4 ᠳᠠᠭᠢᠨ ᠢᠯᠡᠭᠦᠦ ᠨᠡᠮᠡᠭᠳᠡᠪᠡ᠃      ᠡᠭᠦᠨ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 5554.23 ᠲᠦᠮᠡᠨ ᠡᠷᠦᠭᠡ ︵ᠠᠳᠠᠯᠢ ᠬᠤᠭᠤᠴᠠᠭᠠᠨ ᠤ ᠬᠢ ᠠᠴᠠ 6.02% ᠪᠠᠷ ᠨᠡᠮᠡᠭᠳᠡᠪᠡ︶᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ 12532.25 ᠲᠦᠮᠡᠨ ᠡᠷᠦᠭᠡ ︵ᠠᠳᠠᠯᠢ ᠬᠤᠭᠤᠴᠠᠭᠠᠨ ᠤ ᠬᠢ ᠠᠴᠠ 3.03% ᠪᠠᠷ ᠨᠡᠮᠡᠭᠳᠡᠪᠡ︶ ᠪᠤᠶ᠃      ᠠᠵᠢᠯ ᠲᠦᠷᠦᠯ ᠤᠨ ᠲᠠᠷᠬᠠᠯᠲᠠ ᠠᠴᠠ ᠦᠵᠡᠪᠡᠯ᠂ ᠬᠤᠨᠤᠭ ᠤᠨ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢᠯᠡᠴᠢᠯᠡᠭᠡᠨ ᠤ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠵᠢᠴᠢ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠢᠶᠠᠷ ᠲᠥᠯᠥᠭᠡᠯᠡᠭᠦᠯᠦᠭᠰᠡᠨ ᠦᠢᠯᠡᠴᠢᠯᠡᠭᠡᠨ ᠤ ᠦᠢᠯᠡᠰ ᠲᠤ ᠶᠡᠭᠡ ᠬᠡᠮᠵᠢᠶᠡᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯ ᠴᠣᠭᠴᠠ ᠲᠥᠪᠯᠡᠷᠡᠭᠰᠡᠨ ᠪᠠᠶᠢᠨ᠎ᠠ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠨᠢ ᠦᠢᠯᠡᠳᠪᠦᠷᠢᠯᠡᠯ ᠪᠠ ᠬᠡᠷᠡᠭᠯᠡᠭᠡ ᠶᠢ ᠬᠤᠯᠪᠣᠬᠤ ᠬᠥᠭᠦᠷᠭᠡ ᠪᠣᠯᠤᠭᠰᠠᠨ ᠤ ᠬᠤᠪᠢ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯ ᠴᠣᠭᠴᠠ ᠶᠢᠨ ᠡᠳᠡᠭᠡᠷ ᠦᠢᠯᠡᠰ ᠲᠤ ᠡᠵᠡᠯᠡᠬᠦ ᠬᠠᠷᠢᠴᠠᠯ ᠥᠨᠳᠥᠷ ᠪᠠᠶᠢᠬᠤ ᠨᠢ ᠪᠠᠰᠠ ᠮᠠᠨ ᠤ ᠤᠯᠤᠰ ᠤᠨ ᠲᠠᠸᠠᠷ ᠤᠨ ᠵᠠᠬ᠎ᠠ ᠳᠡᠯᠭᠡᠭᠦᠷ ᠤᠨ ᠬᠥᠭᠵᠢᠶᠡᠨᠲᠦ ᠪᠠᠶᠢᠳᠠᠯ ᠢ ᠲᠤᠰᠬᠠᠵᠤ ᠪᠠᠶᠢᠨ᠎ᠠ᠃      ᠮᠠᠨ ᠤ ᠤᠯᠤᠰ ᠤᠨ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠶᠤᠨᠲᠤ ᠵᠠᠮ ᠬᠠᠷᠢᠯᠴᠠᠭ᠎ᠠ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠨᠢ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠳᠤ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠢᠯᠡᠳᠲᠡ ᠦᠷ᠎ᠡ ᠪᠦᠲᠦᠮᠵᠢ ᠣᠯᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ