ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ | ᠯᠢ ᠴᠢᠶᠠᠩ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ | | | 12 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠵᠥᠩ ᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ | ᠶᠠᠷᠢᠯᠴᠠᠬᠤ ᠬᠤᠷᠠᠯ ᠬᠤᠷᠠᠯᠳᠤᠭᠤᠯᠵᠤ᠂ ᠡᠨᠡ ᠵᠢᠯ ᠤᠨ ᠠᠵᠤ ᠠᠬᠤᠢ ᠶᠢᠨ ᠪᠠᠶᠢᠳᠠᠯ ᠪᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ | ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠵᠠᠬ᠎ᠠ ᠳᠡᠯᠭᠡᠭᠦᠷ ᠪᠠ ᠰᠲ᠋ᠣᠺ ᠤᠨ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ | ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ | ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠸᠠᠩ ᠬᠤ᠋ | ᠨᠢᠩ᠂ ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ ᠯᠢ ᠴᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠨᠠᠶᠢᠳᠠᠯᠭ᠎ᠠ ᠪᠠᠷ ᠡᠨᠡ ᠵᠢᠯ ᠤᠨ ᠠᠵᠤ ᠠᠬᠤᠢ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠬᠤᠯᠪᠣᠭᠳᠠᠯ ᠪᠦᠬᠦᠢ ᠪᠣᠳᠣᠯᠬᠢᠯᠠᠯ ᠢ ᠲᠠᠨᠢᠯᠴᠠᠭᠤᠯᠪᠠ᠃ | ᠶᠠᠷᠢᠯᠴᠠᠬᠤ ᠬᠤᠷᠠᠯ ᠳᠡᠭᠡᠷ᠎ᠡ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ | ᠲᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠳ᠋ᠢᠩ ᠵᠥᠩ ᠯᠢ᠂ ᠲᠤᠮᠳᠠᠳᠤ ᠤᠯᠤᠰ ᠤᠨ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ | ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠲᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ | ᠲᠡᠷᠢᠭᠦᠯᠡᠭᠴᠢ ᠾᠧ ᠸᠧᠢ᠂ ᠲᠤᠮᠳᠠᠳᠤ ᠤᠯᠤᠰ ᠤᠨ ᡁᠢᠭᠦ᠋ᠩᠳᠠᠩ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9·3︾ ᠤ ᠡᠷᠳᠡᠮ | ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ | ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠶ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠪᠦᠦ ᠰᠢᠨ ᠾᠧ ᠤᠷᠢᠳ ᠬᠤᠵᠢᠳ ᠦᠭᠡ ᠬᠡᠯᠡᠪᠡ᠃ ᠲᠠᠳᠠ ᠣᠳᠣᠬᠠᠨ ᠤ ᠠᠵᠤ ᠠᠬᠤᠢ ᠶᠢᠨ ᠪᠠᠶᠢᠳᠠᠯ ᠤᠨ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠵᠠᠳᠠᠯᠤᠯᠲᠠ ᠮᠠᠭᠠᠳᠯᠠᠯᠲᠠ ᠪᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ | ᠪᠣᠳᠣᠯᠬᠢᠯᠠᠯ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠥᠭᠡᠳ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ᠂ ᠬᠤᠷᠸ᠎ᠠ | ᠡᠵᠡᠮᠳᠡᠯ ᠲᠣᠬᠢᠷᠠᠭᠤᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠬᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢ ᠳᠡᠭᠡᠭᠰᠢᠯᠡᠭᠦᠯᠭᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠡᠨᠧᠷᠭᠢ ᠶᠢᠨ ᠬᠡᠷᠡᠭᠯᠡᠭᠡᠨ ᠤ ᠰᠢᠨ᠎ᠡ ᠠᠮᠢ ᠠᠬᠤᠢ ᠶᠢ | ᠪᠤᠶ ᠪᠤᠯᠭᠠᠬᠤ᠂ ᠤᠯᠤᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠪᠠᠷ ᠨᠡᠮᠡᠭᠳᠡᠭᠰᠡᠨ ᠤᠷ᠎ᠠ ᠮᠡᠷᠭᠡᠵᠢᠯ ᠤᠨ | ᠴᠢᠳᠠᠪᠤᠷᠢᠲᠠᠨ ᠤ ᠠᠵᠢᠯ ᠣᠯᠭᠤᠯᠲᠠ ᠶᠢ ᠠᠬᠢᠭᠤᠯᠬᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠰᠠᠨᠠᠯ ᠪᠠ ᠰᠠᠨᠠᠭᠤᠯᠭ᠎ᠠ ᠳᠤᠷᠠᠳᠴᠠᠢ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ᠂ ᠣᠯᠠᠨ ᠢᠶᠠᠷ ᠢᠶᠠᠨ ᠡᠨᠡ ᠵᠢᠯ ᠤᠨ ᠠᠵᠤ ᠠᠬᠤᠢ ᠶᠢᠨ ᠠᠵᠢᠯ ᠤᠨ | ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠮᠠᠰᠢ ᠣᠯᠠᠨ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠃ | ᠪᠢᠳᠠ ᠨᠠᠷᠢᠨ ᠬᠢᠨᠠᠮᠠᠭᠠᠢ ᠰᠤᠳᠤᠯᠤᠨ ᠰᠢᠩᠭᠡᠭᠡᠵᠦ ᠠᠪᠤᠨ᠎ᠠ ᠭᠡᠵᠦ ᠢᠯᠡᠷᠬᠡᠶᠢᠯᠡᠪᠡ᠃ | ᠰᠢ ᠶᠢᠨ ᠫᠢᠩ᠂ ᠡᠨᠡ ᠵᠢᠯ ᠨᠡᠩ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠲᠣᠭᠤᠷᠢᠨ ᠤ ᠡᠮᠦᠨ᠎ᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠳᠠᠷᠤᠯᠲᠠ ᠶᠢ ᠳᠠᠭᠠᠭᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠤᠪᠢᠷᠠᠯᠲᠠ ᠶᠢ ᠯᠠᠪᠳᠠᠭᠤᠨ ᠢᠶᠠᠷ ᠠᠷᠭᠠᠴᠠᠭᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠢᠳᠡᠷᠡᠭᠦᠨ ᠪᠠᠲᠤᠲᠠᠢ ᠰᠢᠨ᠎ᠡ ᠠᠯᠬᠤᠭ᠎ᠠ ᠶᠢ ᠠᠯᠬᠤᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ︾᠂ ︽ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ︾ ᠭᠤᠣᠯᠳᠠᠯᠭ᠎ᠠ ᠲᠠᠢ ᠰᠢᠨᠵᠢᠯᠡᠨ ᠪᠠᠶᠢᠴᠠᠭᠠᠵᠤ ᠪᠠᠶᠢᠴᠠᠭᠠᠨ | ᠰᠤᠳᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤ ᠡᠯ᠎ᠡ ᠲᠦᠷᠦᠯ ᠤᠨ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ᠂ ᠰᠠᠨᠠᠯ ᠰᠠᠨᠠᠭᠤᠯᠭ᠎ᠠ ᠪᠠᠨ ᠮᠡᠳᠡᠭᠦᠯᠦᠨ ᠬᠦᠷᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠦᠲᠦᠮᠵᠢᠲᠡᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠴᠢᠬᠤᠯᠠ ᠯᠠᠪᠯᠠᠯᠲᠠ ᠬᠠᠩᠭᠠᠪᠠ ᠭᠡᠵᠦ ᠴᠢᠬᠤᠯᠠᠴᠢᠯᠠᠪᠠ᠃ ᠰᠢ | ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠪᠡ᠃ | ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠩ ᠲᠡᠷᠢᠭᠦᠨ ᠳᠤ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠬᠤ | ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠤᠯᠠᠨ᠂ ᠤᠶᠠᠨ ᠴᠢᠨᠠᠷ ᠴᠢᠩᠭ᠎ᠠ᠂ ᠲᠠᠯᠳᠠ ᠬᠦᠴᠦᠨ ᠶᠡᠭᠡ᠂ ᠤᠷᠳᠤ | ᠬᠤᠭᠤᠴᠠᠭ᠎ᠠ ᠪᠠᠷ ᠰᠠᠶᠢᠵᠢᠷᠠᠬᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠶᠤᠮ᠃ ᠪᠢᠳᠡ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠪᠢᠳᠡᠨ ᠳᠤ ᠠᠰᠢᠭᠲᠠᠢ ᠭᠠᠳᠠᠭᠠᠳᠤ ᠣᠷᠴᠢᠨ ᠢ ᠰᠠᠨᠠᠭᠠᠴᠢᠯᠠᠭ᠎ᠠ ᠠᠴᠠ ᠪᠠᠨ ᠪᠤᠢ ᠪᠤᠯᠭᠠᠵᠤ᠂ ᠥᠪᠡᠷ ᠤᠨ ᠶᠠᠪᠤᠳᠠᠯ ᠢᠶᠠᠨ ᠡᠷᠡᠰ | ᠭᠤᠶᠢᠪᠢᠰᠢ ᠦᠭᠡᠢ ᠰᠠᠶᠢᠲᠤᠷ ᠬᠢᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠪᠦᠭᠦ ᠨᠠᠮ ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠵᠤ᠂ | ᠲᠡᠰᠪᠦᠷᠢ ᠬᠠᠲᠠᠭᠤᠵᠢᠯᠲᠠᠢ ᠲᠡᠮᠡᠴᠡᠬᠦ ᠬᠡᠷᠡᠭᠲᠡᠢ᠃ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠳᠤ ᠮᠠᠰᠢ ᠤᠯᠠᠨ ᠲᠣᠬᠲᠠᠭᠠᠯᠲᠤ ᠪᠤᠰᠤ ᠴᠢᠨᠠᠷ ᠪᠠ ᠰᠢᠯᠭᠠᠯᠲᠠ | ᠲᠤᠯᠭᠠᠷᠠᠵᠤ ᠪᠠᠶᠢᠨ᠎ᠠ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠴᠢᠷᠮᠠᠶᠢᠨ ᠰᠢᠢᠳᠪᠦᠷᠢᠯᠡᠬᠦ ᠬᠡᠷᠡᠭᠲᠡᠢ᠃ ᠬᠦᠴᠢᠷ ᠪᠡᠷᠬᠡᠰᠢᠶᠡᠯ ᠥᠷᠢᠰᠦᠯᠳᠦᠭᠡᠨ | ᠵᠢᠯ ᠵᠢᠯ ᠪᠠᠶᠢᠨ᠎ᠠ᠂ ᠪᠢᠳᠡ ᠰᠠᠯᠬᠢ ᠪᠣᠷᠣᠭᠠᠨ ᠤ ᠳᠤᠮᠳᠠ ᠳᠠᠪᠲᠠᠭᠳᠠᠨ ᠬᠥᠭᠵᠢᠵᠦ᠂ ᠤᠯᠠᠨ ᠤᠳᠠᠭᠠᠨ ᠤ ᠰᠢᠯᠭᠠᠯᠲᠠ ᠶᠢᠨ ᠳᠤᠮᠳᠠ ᠬᠥᠭᠵᠢᠨ ᠪᠤᠵᠠᠭᠠᠶᠢᠷᠠᠭᠰᠠᠨ ᠶᠤᠮ᠃ | ᠠᠵᠢᠯ ᠤᠨ ᠪᠡᠯᠡᠳᠬᠡᠯ ᠢ ᠭᠦᠢᠴᠡᠳ ᠰᠠᠶᠢᠲᠤᠷ ᠬᠢᠵᠦ᠂ ᠴᠥᠬᠦᠷᠡᠰᠢ ᠦᠭᠡᠢ ᠴᠢᠷᠮᠠᠶᠢᠵᠤ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠶᠢ ᠪᠡᠶᠡᠯᠡᠭᠦᠯᠵᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ | ᠬᠥᠮᠥᠰ ᠲᠤ 3 ᠲᠠᠯ᠎ᠠ ᠶᠢᠨ ᠬᠦᠰᠡᠯ ᠳᠤᠷᠠᠳᠴᠠᠢ᠃ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠪᠣᠯᠣᠨ ᠵᠠᠰᠠᠭ ᠤᠨ ᠣᠷᠳᠣᠨ ᠢ | ᠬᠠᠮᠵᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ᠂ ᠪᠦᠭᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ᠨᠠᠮ ᠪᠠ | ᠤᠯᠤᠰ ᠤᠨ ᠠᠵᠢᠯ ᠤᠨ ᠪᠦᠭᠦ ᠲᠠᠯ᠎ᠠ ᠳᠤᠮᠳᠠ ᠤᠬᠠᠮᠰᠠᠷ ᠠᠴᠠ ᠪᠠᠨ ᠲᠦᠷᠦ ᠶᠢᠨ ᠶᠠᠪᠤᠳᠠᠯ ᠳᠤ ᠣᠷᠤᠯᠴᠠᠬᠤ ᠨᠠᠮ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ | ᠬᠡᠷᠡᠭᠲᠡᠢ᠃ ᠨᠢᠭᠡᠳᠦᠮᠡᠯ ᠹᠷᠣᠨᠲ ᠤᠨ ᠥᠪᠡᠷᠮᠢᠴᠡ ᠤᠨᠴᠠᠭᠠᠢ ᠳᠠᠪᠠᠭᠤᠯᠢᠭ ᠢ ᠪᠠᠳᠠᠷᠠᠭᠤᠯᠵᠤ᠂ ᠨᠠᠮ ᠪᠠ ᠵᠠᠰᠠᠭ ᠤᠨ ᠣᠷᠳᠣᠨ ᠢ ᠬᠠᠮᠵᠢᠨ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠵᠢᠱᠢᠯᠲᠡ ᠶᠢ ᠲᠣᠭᠲᠠᠪᠤᠷᠢᠵᠢᠭᠤᠯᠤᠨ᠂ ᠵᠥᠷᠢᠴᠡᠯ ᠢ ᠠᠷᠢᠯᠭᠠᠵᠤ᠂ ᠥᠷᠭᠡᠨ ᠣᠯᠠᠨ ᠪᠦᠷᠢᠯᠳᠦᠭᠦᠨ ᠵᠢᠴᠢ ᠬᠠᠷᠢᠯᠴᠠᠵᠤ ᠪᠠᠶᠢᠭ᠎ᠠ ᠣᠯᠠᠨ ᠲᠦᠮᠡᠨ ᠢ | ᠠᠵᠤ ᠠᠬᠤᠢ ᠶᠢᠨ ᠪᠠᠶᠢᠳᠠᠯ᠂ ᠬᠥᠭᠵᠢᠯᠲᠡ ᠶᠢᠨ ᠶᠡᠷᠦᠩᠬᠡᠢ ᠬᠠᠨᠳᠤᠰᠢ ᠳᠤ ᠪᠦᠭᠦ ᠲᠠᠯ᠎ᠠ ᠪᠠᠷ ᠬᠤᠪᠢᠰᠤᠩᠭᠤᠢ ᠪᠠᠷ ᠬᠠᠨᠳᠤᠬᠤ ᠶᠢ ᠬᠥᠲᠥᠯᠥᠨ ᠵᠢᠯᠤᠭᠤᠳᠴᠤ᠂ ᠭᠤᠣᠯ | ᠭᠦᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠬᠤᠶᠠᠷ ᠲᠤ᠂ ᠴᠢᠳᠠᠪᠤᠷᠢᠲᠠᠨ ᠴᠤᠭᠯᠠᠷᠠᠭᠰᠠᠨ ᠳᠠᠪᠠᠭᠤᠯᠢᠭ ᠢᠶᠠᠨ | ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠪᠠᠷ ᠠᠷᠭ᠎ᠠ | ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠬᠤᠯᠪᠣᠭᠳᠠᠬᠤ ᠵᠠᠩᠭᠢᠯᠠᠭ᠎ᠠ ᠶᠢᠨ ᠠᠰᠠᠭᠤᠳᠠᠯ ᠢ | ᠭᠦᠨᠵᠡᠭᠡᠢ ᠰᠤᠳᠤᠯᠵᠤ᠂ ᠪᠠᠷᠠᠯᠠᠯᠳᠤ ᠴᠢᠨᠠᠷ ᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠰᠠᠨᠠᠯ ᠰᠠᠨᠠᠭᠤᠯᠭ᠎ᠠ ᠶᠢ ᠳᠤᠷᠠᠳᠬᠤ ᠬᠡᠷᠡᠭᠲᠡᠢ᠃ ᠠᠷᠠᠳᠴᠢᠯᠠᠯ ᠢᠶᠠᠷ | ᠬᠢᠨᠠᠯᠲᠠ ᠲᠠᠯᠪᠢᠬᠤ ᠰᠢᠨᠵᠢ ᠴᠢᠨᠠᠷ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠶᠢ | ᠴᠢᠩᠭᠠᠳᠬᠠᠵᠤ᠂ ᠤᠯᠤᠰ ᠤᠨ ᠡᠯ᠎ᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠬᠤ | ᠬᠡᠷᠡᠭᠲᠡᠢ᠃ ᠤᠳᠤᠷᠢᠳᠬᠤ ᠪᠠᠭ ᠪᠠ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠩᠭ᠎ᠠ ᠱᠠᠭᠠᠷᠳᠠᠨ᠂ ᠴᠢᠩᠭ᠎ᠠ ᠬᠢᠵᠠᠭᠠᠷᠯᠠᠵᠤ᠂ ᠴᠢᠩᠭ᠎ᠠ ᠬᠢᠨᠠᠯᠲᠠ ᠲᠠᠯᠪᠢᠵᠤ᠂ | ᠢᠯᠵᠢᠷᠡᠯ ᠤᠨ ᠦᠢᠯᠡ ᠠᠵᠢᠯᠯᠠᠭ᠎ᠠ ᠶᠢ ᠢᠯᠡᠷᠡᠭᠦᠯᠪᠡᠯ ᠤᠬᠳᠤ ᠠᠭᠤᠴᠢᠯᠠᠬᠤ ᠦᠭᠡᠢ ᠴᠢᠩᠭ᠎ᠠ ᠰᠢᠢᠳᠬᠡᠬᠦ ᠬᠡᠷᠡᠭᠲᠡᠢ᠃ ᠣᠨᠣᠯ ᠢᠶᠠᠷ ᠵᠡᠪᠰᠡᠭᠯᠡᠬᠦ ᠪᠠ ᠮᠡᠳᠡᠯᠭᠡ ᠪᠠᠨ | ᠰᠢᠨᠡᠳᠬᠡᠬᠦ ᠶᠢ ᠴᠢᠩᠭᠠᠳᠬᠠᠵᠤ᠂ ᠦᠢᠯᠡᠳᠦᠯᠭᠡ ᠪᠣᠯᠪᠠᠰᠤᠷᠠᠯ ᠢ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠷᠳᠡᠮ ᠴᠢᠳᠠᠪᠤᠷᠢ ᠪᠠ ᠲᠥᠷᠥ ᠶᠢᠨ | ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠱᠢ ᠲᠠᠢ ᠹᠧᠩ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ ᠴᠢᠩ᠂ ᠦ᠋ ᠵᠧᠩ ᠯᠦᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ | ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ ᠠᠨ ᠯᠢ ᠵᠢᠶᠠ᠂ ᠲᠢᠶᠠᠨ ᠰᠢᠤᠸᠠᠨ ᠨᠠᠷ ᠪᠤᠢ᠃ | | |