ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ 2022 - 2024 ᠣᠨ ᠳᠤ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ 6500 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠤᠰᠢᠭᠤ | ᠰᠢᠶᠠᠨ ᠤ ᠬᠡᠪᠴᠢᠶᠡᠨ ᠤ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠨᠡᠮᠡᠭᠳᠡᠯ ᠢ ᠠᠬᠢᠭᠤᠯᠬᠤ ᠵᠢᠱᠢᠶ᠎ᠡ ᠦᠵᠡᠭᠦᠯᠭᠦ ᠠᠵᠢᠯ ᠳᠤ ᠰᠢᠨ᠎ᠡ ᠰᠢᠪᠲᠤᠯᠤᠯᠲᠠ ᠭᠠᠷᠭᠠᠬᠤ | ᠪᠠᠷ ᠬᠦᠴᠦᠯᠡᠪᠡ᠃ | ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ ᠬᠤᠰᠢᠭᠤ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶ᠎ᠠ ᠪᠦᠬᠦᠢ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠪᠡᠯᠡ ᠮᠥᠩᠭᠦ ᠶᠢᠨ ᠳᠡᠮᠵᠢᠯᠭᠡ ᠶᠢᠨ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ ᠭᠠᠳᠠᠭᠠᠳᠤ | ᠠᠵᠤ ᠠᠬᠤᠢ ᠠᠷᠠᠯᠵᠢᠶ᠎ᠠ ᠶᠢᠨ ᠨᠡᠮᠡᠭᠳᠡᠯ ᠢ ᠠᠬᠢᠭᠤᠯᠬᠤ ᠵᠢᠱᠢᠶ᠎ᠡ ᠦᠵᠡᠭᠦᠯᠭᠦ ᠠᠵᠢᠯ ᠢ ᠲᠡᠮᠵᠢᠪᠡ᠃ | ᠮᠠᠨ ᠤ ᠣᠷᠣᠨ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠤᠰᠢᠭᠤ ᠰᠢᠶᠠᠨ ᠤ ᠭᠠᠳᠠᠭᠠᠳᠤ ᠬᠠᠨᠳᠤᠯᠭᠠᠲᠤ ᠠᠵᠤ ᠠᠬᠤᠢ ᠶᠢᠨ | ᠬᠥᠭᠵᠢᠯᠲᠡ ᠶᠢ ᠠᠬᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠠᠴᠠ ᠠᠶᠢᠮᠠᠭ ᠬᠤᠲᠠ ᠶᠢᠨ ᠡᠬᠢ ᠪᠠᠶᠠᠯᠢᠭ᠂ ᠣᠷᠣᠨ ᠪᠠᠶᠢᠷᠢ ᠶᠢᠨ | ᠳᠠᠪᠠᠭᠤᠯᠢᠭ ᠲᠠᠭᠠᠨ ᠰᠠᠭᠤᠷᠢᠯᠠᠨ᠂ ᠬᠤᠰᠢᠭᠤ ᠰᠢᠶᠠᠨ ᠤ ᠬᠡᠪᠴᠢᠶᠡᠨ ᠤ ᠣᠨᠴᠠᠯᠢᠭᠲᠤ ᠠᠵᠤ ᠦᠢᠯᠡᠰ ᠢᠶᠠᠷ ᠤᠳᠤᠷᠢᠳᠤᠮᠵᠢ ᠪᠤᠯᠭᠠᠵᠤ᠂ ᠬᠤᠰᠢᠭᠤ ᠰᠢᠶᠠᠨ ᠤ | ᠬᠡᠪᠴᠢᠶᠡᠨ ᠤ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠨᠡᠮᠡᠭᠳᠡᠯ ᠢ ᠠᠬᠢᠭᠤᠯᠬᠤ ᠵᠢᠱᠢᠶ᠎ᠡ ᠦᠵᠡᠭᠦᠯᠭᠦ ᠰᠢᠶᠠᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠬᠤ ᠶᠢ ᠵᠣᠷᠢᠭᠵᠢᠭᠤᠯᠪᠠ᠃ ᠬᠡᠳᠦᠨ ᠵᠢᠯ ᠤᠨ ᠬᠥᠭᠵᠢᠯᠲᠡ ᠪᠠᠷ ᠳᠠᠮᠵᠢᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠢᠲᠠᠳ ᠡᠪᠡᠰᠦᠨ ᠡᠮ ᠤᠨ ᠠᠵᠤ ᠦᠢᠯᠡᠰ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠤᠯᠠᠭᠠᠨ ᠯᠠᠵᠤᠤ ᠶᠢᠨ ᠠᠵᠤ ᠦᠢᠯᠡᠰ᠂ ᠤᠯᠠᠭᠠᠨᠬᠠᠳᠠ ᠬᠤᠲᠠ ᠶᠢᠨ | ᠨᠢᠩᠴᠧᠩ ᠰᠢᠶᠠᠨ ᠤ ᠭᠦᠪᠰᠥᠭᠡᠷ ᠰᠢᠷᠣᠢ ᠶᠢᠨ ᠡᠬᠢ ᠪᠠᠶᠠᠯᠢᠭ ᠵᠡᠷᠭᠡ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠥᠷᠨᠢᠨ ᠬᠥᠭᠵᠢᠵᠦ᠂ ᠬᠤᠰᠢᠭᠤ ᠰᠢᠶᠠᠨ ᠤ | ᠬᠡᠪᠴᠢᠶᠡᠨ ᠤ ᠭᠠᠳᠠᠭᠠᠳᠤ ᠬᠠᠨᠳᠤᠯᠭᠠᠲᠤ ᠠᠵᠤ ᠠᠬᠤᠢ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠡᠭᠦᠨ ᠤ ᠬᠠᠮᠲᠤ ᠲᠥᠷᠥᠯ ᠲᠡᠮᠳᠡᠭᠲᠦ ᠪᠠᠷ ᠳᠠᠶᠢᠴᠢᠯᠠᠬᠤ ᠳᠠᠯᠳᠠ ᠬᠦᠴᠦᠨ ᠢ ᠪᠠᠳᠠᠷᠠᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠦᠢᠯᠡᠳᠬᠦᠨ ᠤ | ᠳᠡᠯᠡᠬᠡᠢ ᠳᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠤ ᠪᠠᠶᠢᠨ᠎ᠠ᠃ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠨᠡᠮᠡᠭᠳᠡᠯ ᠢ ᠠᠬᠢᠭᠤᠯᠬᠤ ᠠᠵᠢᠯ ᠨᠢ ᠠᠵᠤ | ᠠᠬᠤᠶᠢᠯᠠᠯ ᠤᠨ ᠳᠣᠲᠣᠭᠠᠳᠤ ᠨᠡᠮᠡᠭᠳᠡᠯ ᠤᠨ ᠬᠥᠳᠡᠯᠭᠡᠬᠦ ᠬᠦᠴᠦᠨ ᠢ ᠬᠥᠭᠵᠢᠭᠡᠬᠦ ᠶᠢᠨ ᠬᠠᠮᠲᠤ᠂ ᠪᠠᠰᠠ ᠡᠯ᠎ᠡ ᠭᠠᠵᠠᠷ ᠤᠨ ᠣᠷᠣᠨ ᠪᠦᠰᠡ ᠶᠢᠨ ᠤᠯᠠᠨ ᠨᠡᠶᠢᠲᠡ ᠶᠢᠨ | ᠲᠦᠷᠦᠯ ᠲᠡᠮᠳᠡᠭᠲᠦ ᠶᠢ ᠢᠳᠡᠪᠬᠢᠲᠡᠢ ᠪᠤᠢ ᠪᠣᠯᠭᠠᠪᠠ᠃ ᠲᠦᠩᠯᠢᠶᠣᠣ ᠬᠤᠲᠠ ᠶᠢᠨ ᠺᠠᠶᠢᠯᠤ ᠰᠢᠶᠠᠨ ᠣᠯᠠᠨ ᠬᠡᠯᠡᠨ ᠤ ᠲᠤᠰᠬᠠᠢ ᠰᠡᠳᠦᠪᠲᠦ ᠤᠬᠠᠭᠤᠯᠭ᠎ᠠ ᠶᠢᠨ ᠹᠢᠯᠢᠮ | ᠦᠢᠯᠡᠳᠴᠦ᠂ ᠦᠢᠯᠡᠳᠬᠦᠨ ᠤ ᠳᠡᠯᠡᠬᠡᠢ ᠳᠤ ᠮᠡᠳᠡᠷᠡᠭᠳᠡᠬᠦ ᠬᠡᠮᠵᠢᠶ᠎ᠡ ᠶᠢ ᠳᠡᠭᠡᠭᠰᠢᠯᠡᠭᠦᠯᠪᠡ;ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠬᠠᠲᠠᠭᠤ ᠵᠢᠮᠢᠰ ᠤᠨ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠲᠤᠬᠠᠶᠢᠯᠠᠭᠰᠠᠨ ᠠᠵᠢᠯ ᠤᠨ ᠵᠠᠭᠪᠤᠷ ᠢ ᠡᠭᠦᠳᠴᠦ᠂ ᠭᠠᠳᠠᠭᠠᠳᠤ ᠠᠷᠠᠯᠵᠢᠶᠠᠨ ᠤ ᠰᠢᠨ᠎ᠡ ᠠᠷᠭ᠎ᠠ ᠵᠠᠮ ᠢ | ᠨᠡᠭᠡᠭᠡᠪᠡ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠤᠨ ᠮᠠᠭᠠᠳᠯᠠᠨ ᠲᠣᠭᠲᠠᠭᠠᠭᠰᠠᠨ ᠭᠠᠳᠠᠭᠠᠳᠤ ᠠᠵᠤ ᠠᠬᠤᠢ ᠠᠷᠠᠯᠵᠢᠶ᠎ᠠ ᠶᠢᠨ | ᠨᠡᠮᠡᠭᠳᠡᠯ ᠢ ᠠᠬᠢᠭᠤᠯᠬᠤ 5 ᠵᠢᠱᠢᠶ᠎ᠡ ᠦᠵᠡᠭᠦᠯᠭᠦ ᠰᠢᠶᠠᠨ ᠤ 2023 ᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠮᠵᠢᠶ᠎ᠡ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠳᠠᠭᠢᠨ ᠢᠶᠠᠷ ᠨᠡᠮᠡᠭᠳᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠡᠨᠡ ᠵᠢᠯ ᠤᠨ ᠳᠡᠭᠡᠷ᠎ᠡ ᠬᠠᠭᠠᠰ ᠵᠢᠯ ᠳᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠬᠡᠮᠵᠢᠶ᠎ᠡ 3.5 ᠳ᠋ᠦᠩᠰᠢᠭᠤᠷ ᠲᠥᠭᠦᠷᠢᠭ ᠢ ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 104 % ᠪᠠᠷ ᠨᠡᠮᠡᠭᠳᠡᠪᠡ᠃ | | |