2024 ᠣᠨ ᠤ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠷᠭ᠎ᠠ ᠶᠢ ᠰᠢᠯᠭᠠᠷᠠᠭᠤᠯᠬᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/12/11
      ᠲᠦᠷᠦᠭᠦᠬᠡᠨ᠂ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠤᠯᠭᠠᠬᠰᠠᠨ 2024 ᠣᠨ ᠤ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠷᠭ᠎ᠠ ᠶᠢᠨ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ ᠶᠠᠪᠤᠭᠳᠠᠪᠠ᠃      ᠲᠣᠰ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠨᠢᠭᠡᠴᠢ ᠠᠴᠠ ᠬᠠᠮᠲᠤᠷᠠᠨ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠪᠠ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠳᠠᠭᠠᠭᠠᠴᠢᠯᠠᠨ ᠡᠷᠭᠢᠯᠡᠪᠡ᠃ ᠤᠷᠤᠯᠳᠤᠭᠠᠨ ᠤ  ᠠᠬᠤᠢ ᠲᠠᠯᠠᠪᠠᠶ ᠳᠤ2024 ᠣᠨ ᠤ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠷᠭ᠎ᠠ ᠶᠢᠨ ᠤᠷᠤᠯᠳᠤᠭᠠᠨ ︵ᠠᠵᠤ ᠠᠬᠤᠶᠢᠯᠠᠯ ᠤᠨ ᠳᠤᠭᠤᠶᠢᠯᠠᠩ︶ ᠤ ᠨᠢᠭᠡᠳᠦᠭᠡᠷ ᠳᠡᠰ ᠤᠨ ᠱᠠᠩᠨᠠᠯ  ᠭᠥᠷᠳᠡᠭᠰᠡᠨ 10 ᠲᠥᠯᠥᠭᠡᠯᠡᠭᠴᠢᠳ ᠤᠨ ᠠᠩᠭᠢ ᠲᠥᠷᠥᠯ ᠵᠦᠢᠯ ᠤᠨ ᠦᠵᠡᠭᠦᠯᠭᠡ᠂ ᠰᠡᠳᠦᠪ ᠬᠠᠷᠢᠭᠤᠯᠬᠤ ᠤᠷᠤᠯᠳᠤᠭᠠᠨ᠂ ᠡᠴᠦᠰ ᠤᠨ ᠲᠡᠮᠡᠴᠡᠭᠡᠨ ᠵᠡᠷᠭᠡ ᠭᠤᠭᠴᠤᠭ᠎ᠠ ᠶᠢᠨ ᠰᠢᠷᠦᠭᠦᠨ ᠥᠷᠢᠰᠦᠯᠳᠦᠭᠡᠨ ᠬᠢᠵᠦ᠂ ᠡᠴᠦᠰ ᠲᠤ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠷᠭ᠎ᠠ ᠶᠢᠨ ᠰᠢᠯᠭᠠᠷᠠᠭᠤᠯᠬᠤ ᠤᠷᠤᠯᠳᠤᠭᠠᠨ ᠤ ᠠᠯᠲᠠᠨ ᠮᠧᠳᠠᠯ᠂ ᠮᠥᠩᠭᠦᠨ ᠮᠧᠳᠠᠯ᠂ ᠬᠦᠷᠡᠯ ᠮᠧᠳᠠᠯ ᠤᠨ ᠱᠠᠩᠨᠠᠯ ᠢ ᠲᠣᠰ ᠲᠣᠰ  ᠰᠢᠯᠭᠠᠷᠠᠭᠤᠯᠪᠠ᠃      ᠣᠶᠢᠯᠠᠭᠠᠭᠰᠠᠨ ᠢᠶᠠᠷ᠂ 2024 ᠣᠨ ᠤ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠷᠭ᠎ᠠ ᠶᠢᠨ ᠤᠷᠤᠯᠳᠤᠭᠠᠨ ᠳᠤ ᠨᠡᠶᠢᠲᠡ 58 ᠠᠵᠤ ᠠᠬᠤᠶᠢᠯᠠᠯ᠂ 228 ᠲᠥᠷᠥᠯ ᠵᠦᠢᠯ᠂ 684 ᠬᠥᠮᠥᠨ ᠣᠷᠣᠯᠴᠠᠵᠤ᠂ ᠪᠣᠯᠣᠳ ᠲᠡᠮᠦᠷ᠂ ᠡᠨᠧᠷᠭᠢ᠂ ᠴᠠᠭᠢᠯᠭᠠᠨ ᠬᠦᠴᠦᠨ᠂ ᠰᠠᠨᠰᠠᠷ ᠤᠨ ᠠᠶᠠᠯᠠᠯ᠂ ᠴᠢᠮᠡᠭᠡ ᠬᠤᠯᠪᠤᠭ᠎ᠠ᠂ ᠬᠢᠮᠢ ᠶᠢᠨ ᠠᠵᠤ ᠦᠢᠯᠡᠳᠪᠦᠷᠢ᠂ ᠰᠦ ᠶᠢᠨ ᠦᠢᠯᠡᠰ᠂ ᠰᠢᠨ᠎ᠡ ᠮᠠᠲ᠋ᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ ᠤ ᠣᠯᠠᠨ ᠲᠤᠯᠭᠠᠭᠤᠷᠢ ᠠᠵᠤ ᠦᠢᠯᠡᠰ ᠤᠨ ᠬᠦᠷᠢᠶ᠎ᠡ ᠶᠢ ᠬᠠᠮᠤᠷᠴᠠᠢ᠃ ᠥᠪᠥᠷ ᠮᠣᠩᠭᠤᠯ ᠤᠨ ᠰᠢᠨ᠎ᠡ ᠶᠢ ᠡᠭᠦᠳᠬᠦ ᠠᠷᠭ᠎ᠠ ᠶᠢᠨ ᠰᠢᠯᠭᠠᠷᠠᠭᠤᠯᠬᠤ ᠤᠷᠤᠯᠳᠤᠭᠠᠨ ᠨᠢᠭᠡᠨᠲᠡ ᠵᠠᠯᠭᠠᠭ᠎ᠠ ᠪᠠᠷ 7 ᠵᠢᠯ ᠶᠠᠪᠤᠭᠳᠠᠵᠤ᠂ ᠶᠡᠭᠡ ᠲᠠᠯ᠎ᠠ ᠳᠤ ᠦᠢᠯᠡᠴᠢᠯᠡᠬᠦ᠂ ᠰᠢᠨ᠎ᠡ ᠶᠢ ᠡᠭᠦᠳᠬᠦ ᠳᠤ ᠦᠢᠯᠡᠴᠢᠯᠡᠬᠦ᠂ ᠠᠵᠤ ᠠᠬᠤᠶᠢᠯᠠᠯ ᠳᠤ ᠦᠢᠯᠡᠴᠢᠯᠡᠬᠦ ᠶᠢ ᠪᠠᠷᠢᠮᠲᠠᠯᠠᠨ᠂ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠵᠦ᠂ ᠰᠢᠨ᠎ᠡ ᠶᠢ ᠡᠭᠦᠳᠬᠦ ᠠᠷᠭ᠎ᠠ ᠶᠢᠨ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠠᠬᠢᠭᠤᠯᠬᠤ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠰᠣᠯᠢᠯᠴᠠᠬᠤ᠂ ᠰᠢᠨ᠎ᠡ ᠶᠢ ᠡᠭᠦᠳᠬᠦ ᠠᠷᠭ᠎ᠠ ᠶᠢ ᠭᠦᠨᠵᠡᠭᠡᠢ ᠳᠡᠯᠭᠡᠷᠡᠭᠦᠯᠦᠨ ᠬᠡᠷᠡᠭᠯᠡᠬᠦ ᠲᠤᠰᠬᠠᠢ ᠤᠷᠤᠯᠳᠤᠭᠠᠨ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠲᠤ ᠰᠢᠨ᠎ᠡ ᠶᠢ ᠡᠭᠦᠳᠬᠦ ᠰᠣᠶᠣᠯ ᠢ ᠪᠠᠳᠠᠷᠠᠭᠤᠯᠬᠤ᠂ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ᠂ ᠰᠢᠨ᠎ᠡ ᠶᠢ ᠡᠭᠦᠳᠬᠦ ᠲᠦᠪᠰᠢᠨ ᠢ ᠳᠡᠭᠡᠭᠰᠢᠯᠡᠭᠦᠯᠭᠦ᠂ ᠰᠢᠨ᠎ᠡ ᠶᠢ ᠡᠭᠦᠳᠬᠦ ᠴᠤᠭ ᠵᠢᠪᠬᠤᠭ᠎ᠠ ᠶᠢ ᠢᠯᠡᠷᠡᠭᠦᠯᠬᠦ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ