ᠮᠠᠨ ᠤ ᠣᠷᠣᠨ 270 ᠵᠦᠢᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠠᠢ
ᠨᠡᠶᠢᠲᠡᠯᠡᠭᠰᠡᠨ ᠴᠠᠭ᠄
2024/12/11
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ  ᠤ ᠣᠷᠣᠨ ᠲᠦᠷᠦᠭᠦᠬᠡᠨ ᠵᠢᠨᠠᠨ ᠳᠤ ᠶᠠᠪᠤᠭᠳᠠᠭᠰᠠᠨ 2024 ᠣᠨ ᠤ ᠪᠦᠭᠦ ᠤᠯᠤᠰ ᠤᠨ ᠠᠮᠤ ᠲᠤᠰᠤᠨ ᠤ ᠲᠠᠷᠢᠮᠠᠯ ᠪᠠ ᠰᠢᠷ᠎ᠠ ᠪᠤᠷᠴᠠᠭ ᠤᠨ ᠠᠵᠤ ᠦᠢᠯᠡᠰ ᠤᠨ ᠦᠵᠡᠰᠭᠦᠯᠡᠩ ᠳᠤ ᠢᠳᠡᠪᠬᠢᠲᠡᠢ ᠤᠷᠤᠯᠴᠠᠵᠤ᠂ 40 ᠭᠤᠣᠯᠳᠠᠯᠭ᠎ᠠ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ 270 ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠳᠡᠯᠭᠡᠨ ᠪᠣᠷᠣᠯᠠᠭᠤᠯᠪᠠ᠃      ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠠᠬᠢ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠤᠨ ᠲᠠᠯᠠᠪᠠᠢ 312 ᠲᠡᠭᠰᠢ ᠳᠥᠷᠪᠡᠯᠵᠢᠨ ᠮᠸᠲᠷ ᠲᠤ ᠬᠦᠷᠴᠦ᠂ ᠠᠮᠤ ᠲᠣᠰᠣ ᠦᠢᠯᠡᠳᠪᠦᠷᠢᠯᠡᠵᠦ ᠪᠤᠯᠪᠠᠰᠤᠷᠠᠭᠤᠯᠬᠤ᠂ ᠰᠢᠷ᠎ᠠ ᠪᠤᠷᠴᠠᠭ᠂ ᠦᠬᠡᠷ ᠬᠤᠨᠢᠨ ᠮᠢᠬ᠎ᠠ᠂ ᠰᠦ ᠶᠢᠨ ᠦᠢᠯᠡᠰ ᠵᠡᠷᠭᠡ 40 ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠢᠷ᠎ᠠ ᠪᠤᠷᠴᠠᠭ ᠤᠨ ᠲᠣᠰᠣ᠂ ᠲᠤᠲᠤᠷᠭ᠎ᠠ᠂ ᠡᠯᠳᠡᠪ ᠠᠮᠤ᠂ ᠭᠤᠯᠢᠷ᠂ ᠦᠬᠡᠷ ᠬᠤᠨᠢᠨ ᠮᠢᠬ᠎ᠠ᠂ ᠴᠠᠭᠠᠨ ᠢᠳᠡᠭᠡᠨ ᠵᠡᠷᠭᠡ 270 ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ ᠪᠣᠯᠪᠠᠰᠤᠷᠠᠭᠤᠯᠤᠭᠰᠠᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ᠂ ᠦᠵᠡᠰᠭᠦᠯᠡᠩ ᠳᠤ ᠤᠷᠤᠯᠴᠠᠬᠰᠠᠨ ᠠᠷᠠᠯᠵᠢᠶᠠᠴᠢᠨ ᠪᠠ ᠬᠤᠲᠠ ᠶᠢᠨ ᠠᠷᠠᠳ ᠤᠨ ᠬᠠᠯᠠᠭᠤᠨ ᠬᠦᠷᠢᠶᠡᠯᠡᠯ ᠢ  ᠣᠯᠣᠭᠰᠠᠨ ᠪᠠᠶᠢᠨ᠎ᠠ᠃      ᠮᠠᠨ ᠤ ᠣᠷᠣᠨ ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠳᠤ ᠪᠦᠲᠦᠭᠡᠭᠳᠡᠬᠦᠨ ᠢᠶᠠᠨ ᠳᠡᠯᠭᠡᠨ ᠦᠵᠡᠭᠦᠯᠭᠦ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠨ ᠪᠦᠭᠦ ᠣᠷᠣᠨ ᠤ ᠠᠮᠤ ᠲᠣᠰᠣ ᠪᠠ ᠰᠢᠷ᠎ᠠ ᠪᠤᠷᠴᠠᠭ ᠤᠨ ᠠᠵᠤ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠦᠭᠦ ᠲᠠᠯ᠎ᠠ  ᠪᠠᠷ ᠳᠡᠯᠭᠡᠨ ᠦᠵᠡᠭᠦᠯᠵᠦ᠂ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠰᠢᠨ᠎ᠡ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠠᠮᠤ ᠲᠤᠰᠤᠨ ᠤ ᠲᠠᠷᠢᠮᠠᠯ ᠪᠠ ᠰᠢᠷ᠎ᠠ ᠪᠤᠷᠴᠠᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠵᠡᠢ᠃ ᠦᠵᠡᠰᠭᠦᠯᠡᠩ ᠤᠨ ᠬᠤᠭᠤᠴᠠᠭᠠᠨ ᠳᠤ ᠵᠣᠬᠢᠶᠠᠨ ᠪᠠᠶᠢᠭᠤᠯᠤᠭᠰᠠᠨ ᠲᠠᠯ᠎ᠠ ᠶᠢᠨ ᠬᠢᠨ ᠪᠠᠰᠠ ᠲᠤᠲᠤᠷᠭ᠎ᠠ᠂ ᠪᠤᠭᠤᠳᠠᠢ᠂ ᠡᠷᠳᠡᠨᠢ ᠰᠢᠰᠢ ᠶᠢᠨ ᠠᠷᠪᠠᠨ ᠶᠡᠭᠡ ᠰᠢᠯᠢᠳᠡᠭ ᠡᠭᠦᠯᠳᠡᠷ ᠢ ᠨᠡᠶᠢᠲᠡᠯᠡᠵᠦ᠂ ᠮᠠᠨ ᠤ ᠣᠷᠣᠨ  ᠤ ᠮᠡᠳᠡᠭᠦᠯᠦᠭᠰᠡᠨ ᠰᠢᠨ᠎ᠡ ᠰᠣᠷᠭᠤᠭ ᠡᠷᠳᠡᠨᠢ ᠰᠢᠰᠢ ᠶᠢᠨ ᠡᠭᠦᠯᠳᠡᠷ ︽ᠵᠢᠩ ᠬᠤᠸᠠᠩ ᠨᠥᠸᠧ 267︾ ᠰᠣᠩᠭᠤᠭᠳᠠᠵᠠᠢ᠃      ᠦᠵᠡᠰᠭᠦᠯᠡᠩ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠱᠠᠨᠳᠦ᠋ᠩ ᠤᠨ 104 ᠠᠵᠤ ᠠᠬᠤᠶᠢᠯᠠᠯ ᠲᠠᠢ ᠵᠣᠯᠭᠠᠯᠴᠠᠭ᠎ᠠ ᠬᠢᠵᠦ᠂ ᠮᠠᠨ ᠤ ᠣᠷᠣᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠪᠡ᠃ ᠡᠭᠦᠨ ᠤ ᠬᠠᠮᠲᠤ ᠥᠪᠥᠷ ᠮᠣᠩᠭᠤᠯ ᠤᠨ ᠤᠮᠠᠷᠠᠲᠤ ᠶᠢᠨ ᠾᠧ ᠮᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ᠂ ᠱᠠᠨᠳᠦ᠋ᠩ ᠤᠨ ᠶᠠ ᠯᠢ ᠠᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ  ᠪᠦᠯᠦᠭᠯᠡᠯ  ᠤᠨ ᠬᠢᠵᠠᠭᠠᠷᠲᠤ ᠺᠤᠮᠫᠠᠨᠢ ᠵᠡᠷᠭᠡ 16 ᠠᠵᠤ ᠠᠬᠤᠶᠢᠯᠠᠯ ᠲᠥᠷᠥᠯ ᠵᠦᠢᠯ ᠤᠨ ᠭᠡᠷ᠎ᠡ ᠲᠣᠭᠲᠠᠵᠤ᠂ ᠰᠠᠨᠠᠮᠵᠢ ᠶᠢᠨ ᠭᠡᠷ᠎ᠡ ᠲᠣᠭᠲᠠᠭᠰᠠᠨ ᠵᠣᠭᠤᠰ ᠤᠨ ᠲᠤᠭ᠎ᠠ 1.07 ᠳ᠋ᠦᠩᠰᠢᠭᠤᠷ  ᠲᠥᠭᠦᠷᠢᠭ ᠲᠤ ᠬᠦᠷᠴᠡᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ