ᠮᠠᠨ ᠤ ᠣᠷᠣᠨ ᠤ ᠰᠤᠳᠤᠯᠵᠤ ᠭᠠᠷᠭᠠᠭᠰᠠᠨ ᠢᠮᠠᠭᠠᠨ ᠨᠣᠣᠯᠣᠭᠤᠷ ᠤᠨ ᠴᠡᠪᠡᠷᠴᠡ ᠶᠢ ᠰᠢᠯᠭᠠᠬᠤ ᠠᠷᠭ᠎ᠠ ᠤᠯᠠᠨ ᠤᠯᠤᠰ ᠤᠨ ᠪᠠᠷᠢᠮᠵᠢᠶ᠎ᠠ ᠪᠠᠷ ᠲᠣᠭᠲᠠᠭᠠᠭᠳᠠᠪᠠ
ᠨᠡᠶᠢᠲᠡᠯᠡᠭᠰᠡᠨ ᠴᠠᠭ᠄
2024/12/11
       ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠰᠤᠳᠤᠯᠵᠤ ᠭᠠᠷᠭᠠᠭᠰᠠᠨ ︽ᠢᠮᠠᠭᠠᠨ ᠨᠣᠣᠯᠣᠭᠤᠷ ᠤᠨ ᠴᠡᠪᠡᠷᠴᠡ ᠶᠢ ᠰᠢᠯᠭᠠᠬᠤ ᠠᠷᠭ᠎ᠠ - ᠣᠶᠢᠷ᠎ᠠ ᠤᠯᠠᠭᠠᠨ ᠤ ᠭᠠᠳᠠᠨᠠᠬᠢ ᠲᠤᠶᠠᠭᠠᠨ ᠤ ᠭᠡᠷᠡᠯ ᠵᠢᠭᠰᠠᠯ  ᠤᠨ ᠠᠷᠭ᠎ᠠ︾ ᠲᠦᠷᠦᠭᠦᠬᠡᠨ ISO ᠣᠯᠠᠨ ᠤᠯᠤᠰ ᠤᠨ ᠪᠠᠷᠢᠮᠵᠢᠶ᠎ᠠ ᠪᠠᠷ ᠲᠣᠭᠲᠠᠭᠠᠭᠳᠠᠪᠠ᠃      ᠣᠶᠢᠯᠠᠭᠠᠭᠰᠠᠨ ᠢᠶᠠᠷ᠂ ︽ᠢᠮᠠᠭᠠᠨ ᠨᠣᠣᠯᠣᠭᠤᠷ ᠤᠨ ᠴᠡᠪᠡᠷᠴᠡ ᠶᠢ ᠰᠢᠯᠭᠠᠬᠤ ᠠᠷᠭ᠎ᠠ - ᠣᠶᠢᠷ᠎ᠠ ᠤᠯᠠᠭᠠᠨ ᠤ ᠭᠠᠳᠠᠨᠠᠬᠢ ᠲᠤᠶᠠᠭᠠᠨ ᠤ ᠭᠡᠷᠡᠯ ᠵᠢᠭᠰᠠᠯ ᠤᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠠᠴᠠ ᠰᠤᠳᠤᠯᠤᠨ ᠨᠡᠭᠡᠭᠡᠵᠦ᠂ ᠠᠩᠬ᠎ᠠ ᠤᠳᠠᠭ᠎ᠠ ᠣᠶᠢᠷ᠎ᠠ ᠤᠯᠠᠭᠠᠨ ᠤ ᠭᠠᠳᠠᠨᠠᠬᠢ ᠲᠤᠶᠠᠭᠠᠨ ᠤ ᠭᠡᠷᠡᠯ ᠵᠢᠭᠰᠠᠯ ᠤᠨ ᠮᠡᠷᠭᠡᠵᠢᠯ ᠢ ᠢᠮᠠᠭᠠᠨ ᠨᠣᠣᠯᠣᠭᠤᠷ ᠤᠨ ᠴᠡᠪᠡᠷᠴᠡ ᠶᠢ ᠲᠦᠷᠭᠡᠨ ᠪᠠᠶᠢᠴᠠᠭᠠᠨ ᠬᠡᠮᠵᠢᠬᠦ ᠬᠦᠷᠢᠶᠡᠨ ᠳᠤ ᠠᠰᠢᠭᠯᠠᠵᠤ᠂ ᠪᠠᠶᠢᠴᠠᠭᠠᠨ ᠬᠡᠮᠵᠢᠬᠦ ᠴᠠᠭ ᠢ ᠬᠥᠮᠥᠨ ᠤ ᠬᠦᠴᠦ ᠪᠠᠷ ᠪᠠᠶᠢᠴᠠᠭᠠᠨ ᠬᠡᠮᠵᠢᠬᠦ ᠳᠤ 1 - 2 ᠡᠳᠦᠷ ᠤᠨ ᠴᠠᠭ ᠵᠠᠷᠤᠴᠠᠭᠤᠯᠵᠤ ᠪᠠᠶᠢᠭᠰᠠᠨ ᠠᠴᠠ 1 ᠮᠢᠨᠦ᠋ᠲ ᠪᠣᠯᠭᠠᠨ ᠪᠣᠭᠤᠨᠢᠰᠬᠠᠵᠤ᠂ ᠪᠠᠶᠢᠴᠠᠭᠠᠨ ᠬᠡᠮᠵᠢᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠭᠦ ᠶᠢᠨ ᠬᠠᠮᠲᠤ ᠬᠡᠮᠵᠢᠯᠲᠡ ᠶᠢᠨ ᠲᠤᠭ᠎ᠠ ᠪᠠᠷᠢᠮᠲᠠ ᠶᠢᠨ ᠠᠯᠳᠠᠭ᠎ᠠ ᠶᠢ ᠪᠠᠭᠠᠰᠬᠠᠪᠠ᠃ ᠲᠤᠰ ᠪᠠᠷᠢᠮᠵᠢᠶ᠎ᠠ ᠨᠢ ᠮᠠᠨ ᠤ ᠣᠷᠣᠨ ᠤ ᠢᠮᠠᠭᠠᠨ ᠨᠣᠣᠯᠣᠭᠤᠷ ᠤᠨ ᠠᠷᠠᠯᠵᠢᠶᠠᠨ ᠤ ᠳ᠋ᠦᠩᠨᠡᠨ ᠪᠤᠳᠤᠬᠤ ᠦᠨ᠎ᠡ ᠶᠢᠨ ᠰᠢᠨᠵᠢᠯᠡᠬᠦ ᠤᠬᠠᠭᠠᠨᠴᠢ ᠲᠦᠪᠰᠢᠨ ᠢ ᠳᠡᠭᠡᠭᠰᠢᠯᠡᠭᠦᠯᠵᠦ᠂ ᠠᠷᠠᠯᠵᠢᠶᠠᠨ ᠤ ᠬᠤᠶᠠᠷ ᠲᠠᠯ᠎ᠠ ᠶᠢᠨ ᠡᠷᠬᠡ ᠠᠰᠢᠭ ᠢ ᠨᠠᠩ ᠰᠠᠶᠢᠲᠤᠷ ᠪᠠᠲᠤᠯᠠᠨ᠂ ᠢᠮᠠᠭᠠᠨ ᠨᠣᠣᠯᠣᠭᠤᠷ ᠤᠨ  ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠪᠠᠷ ᠪᠠᠷᠠᠬᠤ ᠦᠭᠡᠢ᠂ ᠪᠠᠰᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠢᠮᠠᠭᠠᠨ ᠨᠣᠣᠯᠣᠭᠤᠷ ᠤᠨ ᠶᠠᠰᠤ ᠴᠢᠨᠠᠷ ᠢ ᠨᠠᠩ ᠰᠠᠶᠢᠲᠤᠷ ᠦᠨᠡᠯᠡᠬᠦ ᠳᠤ ᠲᠡᠷᠢᠭᠦᠨ ᠤ ᠠᠷᠭ᠎ᠠ ᠶᠢᠨ ᠪᠠᠷᠢᠮᠵᠢᠶ᠎ᠠ ᠶᠢᠨ ᠦᠨᠳᠦᠰᠦᠯᠡᠯ ᠬᠠᠩᠭᠠᠵᠤ᠂ ᠮᠠᠨ ᠤ ᠣᠷᠣᠨ ᠤ ᠢᠮᠠᠭᠠᠨ ᠨᠣᠣᠯᠣᠭᠤᠷ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠦᠭᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠤᠨ ᠬᠢᠨ ᠨᠣᠣᠰᠣ ᠨᠣᠣᠯᠣᠭᠤᠷ  ᠤᠨ ᠠᠵᠤ ᠦᠢᠯᠡᠰ ᠤᠨ ᠰᠢᠨ᠎ᠡ ᠶᠢ ᠡᠭᠦᠳᠬᠦ ᠱᠠᠭᠠᠷᠳᠠᠯᠭ᠎ᠠ ᠶᠢᠨ ᠲᠣᠭᠤᠷᠢᠨ ᠳᠤ᠂ ᠨᠣᠣᠰᠣ ᠨᠣᠣᠯᠣᠭᠤᠷ ᠤᠨ ᠠᠵᠤ ᠦᠢᠯᠡᠰ ᠤᠨ ᠭᠡᠮᠵᠢᠭᠦᠷᠯᠢᠭᠵᠢᠭᠦᠯᠦᠨ ᠪᠠᠶᠢᠴᠠᠭᠠᠬᠤ ᠮᠡᠷᠭᠡᠵᠢᠯ ᠤᠨ ᠬᠦᠴᠢᠷ ᠠᠰᠠᠭᠤᠳᠠᠯ ᠳᠤ ᠪᠣᠭᠤᠮᠲᠠ ᠰᠢᠪᠲᠤᠯᠤᠯᠲᠠ ᠬᠢᠵᠦ᠂ ᠣᠯᠠᠨ ᠵᠦᠢᠯ ᠤᠨ ᠬᠡᠮᠵᠢᠭᠦᠷᠯᠢᠭ ᠲᠥᠬᠦᠭᠡᠷᠦᠮᠵᠢ ᠪᠠᠷ ᠪᠠᠶᠢᠴᠠᠭᠠᠨ ᠬᠡᠮᠵᠢᠬᠦ ᠠᠷᠭ᠎ᠠ ᠶᠢᠨ ᠰᠤᠳᠤᠯᠭᠠᠨ ᠥᠷᠨᠢᠭᠦᠯᠵᠦ᠂ 9 ᠲᠥᠷᠥᠯ ᠤᠨ ᠤᠯᠤᠰ ᠤᠨ ᠬᠡᠷᠡᠭᠯᠡᠭᠡᠨ ᠤ ᠰᠢᠨ᠎ᠡ ᠭᠡᠯᠪᠡᠷᠢ ᠶᠢᠨ ᠲᠤᠰᠬᠠᠢ ᠠᠰᠢᠭ ᠢ ᠭᠦᠷᠳᠡᠨ᠂ ᠳᠡᠯᠡᠬᠡᠢ ᠶᠢᠨ ᠲᠡᠷᠢᠭᠦᠨ ᠤ ᠨᠣᠣᠰᠣ ᠨᠣᠣᠯᠣᠭᠤᠷ ᠤᠨ ᠬᠡᠮᠵᠢᠭᠦᠷᠯᠢᠭ ᠲᠥᠬᠦᠭᠡᠷᠦᠮᠵᠢ ᠨᠢ ᠮᠠᠨ ᠤ ᠤᠯᠤᠰ ᠤᠨ ᠨᠣᠣᠰᠣ ᠨᠣᠣᠯᠣᠭᠤᠷ ᠤᠨ ᠰᠢᠷᠬᠡᠭᠯᠢᠭ ᠤᠨ ᠣᠨᠴᠠᠯᠢᠭ ᠲᠠᠢ ᠵᠣᠬᠢᠴᠠᠬᠤ ᠦᠭᠡᠢ ᠪᠠᠶᠢᠭᠰᠠᠨ ᠳᠤᠲᠠᠭᠤᠳᠠᠯ ᠢ ᠪᠦᠲᠦᠮᠵᠢᠲᠡᠶ ᠨᠥᠬᠦᠪᠦᠷᠢᠯᠡᠵᠦ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠤ ᠪᠣᠯᠪᠠᠰᠤᠷᠠᠩᠭᠤᠢ ᠰᠢᠯᠭᠠᠨ ᠪᠠᠶᠢᠴᠠᠭᠠᠬᠤ ᠬᠡᠮᠵᠢᠭᠦᠷᠯᠢᠭ ᠲᠥᠬᠦᠭᠡᠷᠦᠮᠵᠢ ᠪᠠ ᠪᠦᠷᠢᠨ ᠲᠥᠬᠦᠷ ᠠᠷᠭ᠎ᠠ ᠬᠡᠮᠵᠢᠶ᠎ᠡ ᠶᠢᠨ ᠪᠠᠷᠢᠮᠵᠢᠶ᠎ᠠ ᠲᠤᠲᠠᠭᠳᠠᠵᠤ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠨ ᠤ ᠤᠯᠤᠰ ᠤᠨ ᠨᠣᠣᠰᠣ ᠨᠣᠣᠯᠣᠭᠤᠷ ᠢ ᠪᠠᠶᠢᠴᠠᠭᠠᠨ ᠬᠡᠮᠵᠢᠬᠦ ᠲᠦᠪᠰᠢᠨ ᠢ ᠢᠯᠡᠳᠲᠡ ᠳᠡᠭᠡᠭᠰᠢᠯᠡᠭᠦᠯᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ