ᠥᠪᠥᠷ ᠮᠣᠩᠭᠤᠯ ᠮᠦᠽᠧᠢ ᠬᠤᠷᠢᠶᠠᠨ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠷᠭᠦᠭᠡᠬᠦ ᠠᠵᠢᠯ ᠢ ᠯᠠᠪᠳᠠᠭᠤᠨ ᠢᠶᠠᠷ | ᠠᠬᠢᠭᠤᠯᠵᠤ᠂ ᠡᠨᠡ ᠵᠢᠯ 120 ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠰᠡᠷᠭᠦᠭᠡᠵᠦ ᠬᠠᠮᠠᠭᠠᠯᠠᠨ᠂ ᠤᠳᠤ ᠦᠶ᠎ᠡ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠬᠡᠪᠡᠷᠡᠭ ᠲᠡᠦᠬᠡ ᠶᠢᠨ ᠳᠤᠷᠠᠰᠬᠠᠯᠲᠤ ᠵᠦᠢᠯᠡᠰ ᠪᠠ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠤᠨ | 131 ᠵᠤᠷᠪᠤᠰ ᠮᠡᠳᠡᠭᠡ ᠵᠠᠩᠭᠢ ᠶᠢ ᠡᠮᠬᠢᠯᠡᠨ ᠬᠠᠮᠢᠶ᠎ᠠ ᠪᠦᠬᠦᠢ ᠰᠤᠳᠤᠯᠭᠠᠨ ᠳᠤ ᠬᠡᠷᠡᠭᠯᠡᠬᠦ ᠪᠠᠷ ᠨᠥᠭᠡᠴᠡᠯᠡᠵᠦ ᠠᠪᠤᠪᠠ᠃ | ᠥᠪᠥᠷ ᠮᠣᠩᠭᠤᠯ ᠮᠦᠽᠧᠢ ᠡᠨᠡ ᠵᠢᠯ ᠪᠠᠰᠠ ᠮᠦᠽᠧᠢ ᠳᠡᠭᠡᠨ ᠬᠠᠳᠠᠭᠠᠯᠠᠵᠤ ᠪᠠᠶᠢᠭ᠎ᠠ 300 ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠢ ᠦᠨᠡᠯᠡᠨ | ᠵᠢᠱᠢᠵᠦ᠂ ︽ᠤᠷᠲᠤ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ︾᠂ ︽ᠲᠣᠪᠠ ᠰᠢᠶᠡᠨᠪᠢ ᠶᠢᠨ ᠲᠤᠤᠯᠢᠰ ᠤᠨ ᠵᠠᠮ︾ ᠵᠡᠷᠭᠡ ᠭᠠᠳᠠᠭᠰᠢ ᠳᠡᠯᠭᠡᠨ ᠦᠵᠡᠭᠦᠯᠭᠦ 10 | ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠦ ᠣᠷᠴᠢᠨ ᠲᠣᠭᠤᠷᠢᠨ ᠤ ᠱᠠᠭᠠᠷᠳᠠᠯᠭ᠎ᠠ ᠪᠠ ᠵᠥᠭᠡᠭᠡᠪᠦᠷᠢᠯᠡᠬᠦ ᠳᠤ ᠠᠩᠬᠠᠷᠬᠤ ᠵᠦᠢᠯ ᠢ | ᠲᠤᠰᠢᠶᠠᠵᠤ᠂ ᠭᠠᠳᠠᠭᠰᠢ ᠳᠡᠯᠭᠡᠨ ᠦᠵᠡᠭᠦᠯᠭᠦ ᠳᠤ ᠲᠣᠬᠢᠷᠠᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠰᠣᠯᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ | ᠰᠤᠷᠭᠠᠭᠤᠯᠢ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠷᠥᠯ ᠵᠦᠢᠯ ᠢ ᠡᠷᠡᠮᠡᠯᠵᠡᠬᠦ᠂ ᠡᠷᠳᠡᠮ ᠰᠢᠨᠵᠢᠯᠡᠭᠡᠨ ᠤ ᠬᠠᠮᠲᠤᠷᠠᠯᠴᠠᠭ᠎ᠠ ᠬᠢᠬᠦ᠂ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ | ᠳᠤᠲᠠᠭᠤᠳᠠᠯ ᠢᠶᠠᠨ ᠬᠠᠷᠢᠯᠴᠠᠨ ᠨᠥᠬᠦᠪᠦᠷᠢᠯᠡᠵᠡᠢ᠃ 11 ᠰᠠᠷ᠎ᠠ ᠳᠤ ᠨᠡᠬᠡᠮᠡᠯ ᠤᠨ ᠵᠦᠢᠯᠡᠰ ᠢ ᠵᠠᠰᠠᠨ ᠰᠡᠷᠭᠦᠭᠡᠬᠦ ᠠᠵᠢᠯᠲᠠᠨ ᠢ ᠰᠣᠩᠭᠤᠨ ᠲᠣᠮᠢᠯᠠᠵᠤ᠂ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠨᠡᠬᠡᠮᠡᠯ ᠤᠨ ᠵᠦᠢᠯᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠪᠠ ᠦᠨᠡᠯᠡᠨ ᠨᠤᠲᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠳᠤ ᠣᠷᠣᠯᠴᠠᠭᠤᠯᠵᠤ᠂ ᠴᠢᠳᠠᠪᠤᠷᠢᠲᠠᠨ ᠤ ᠬᠥᠮᠦᠵᠢᠯ ᠢ ᠴᠢᠩᠭᠠᠳᠬᠠᠭᠰᠠᠨ | ᠪᠠᠶᠢᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠮᠦᠽᠧᠢ ᠡᠨᠡ ᠵᠢᠯ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠢ ᠴᠢᠩᠳᠠᠯᠠᠨ᠂ ᠬᠠᠮᠠᠭᠠᠯᠠᠨ | ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠲᠠ ᠶᠢᠨ ᠮᠦᠽᠧᠢ᠂ ᠡᠷᠭᠢᠨ ᠲᠣᠭᠤᠷᠢᠨ ᠤ ᠡᠯ᠎ᠡ ᠮᠤᠵᠢ ᠬᠤᠲᠠ ᠣᠷᠣᠨ ᠤ ᠮᠦᠽᠧᠢ ᠯᠦᠭᠡ ᠶᠢᠨ | ᠬᠠᠮᠲᠤᠷᠠᠯᠴᠠᠭ᠎ᠠ ᠪᠠᠨ ᠥᠷᠭᠡᠳᠬᠡᠵᠦ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠰᠢᠨᠵᠢᠯᠡᠭᠡ ᠰᠤᠳᠤᠯᠭᠠᠨ ᠤ ᠬᠦᠴᠦᠨ ᠢᠶᠠᠨ ᠲᠠᠰᠤᠷᠠᠯᠳᠠ ᠦᠭᠡᠢ ᠨᠡᠮᠡᠭᠳᠡᠭᠦᠯᠦᠭᠰᠡᠨ ᠢᠶᠠᠷ ᠬᠤᠷᠢᠶᠠᠨ ᠬᠠᠳᠠᠭᠠᠯᠠᠵᠤ ᠪᠠᠶᠢᠭ᠎ᠠ ᠬᠦᠷᠡᠯ ᠡᠳ᠋ᠯᠡᠯ ᠢ ᠬᠠᠮᠠᠭᠠᠯᠠᠨ ᠰᠡᠷᠭᠦᠭᠡᠬᠦ | ᠲᠥᠷᠥᠯ ᠵᠦᠢᠯ ᠪᠠ ᠠᠷᠠᠰᠤ ᠪᠠᠷ ᠬᠢᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠨᠢ ︽ᠪᠦᠭᠦ ᠤᠯᠤᠰ ᠤᠨ ᠮᠦᠽᠧᠢ ᠳᠤ | ᠬᠠᠳᠠᠭᠠᠯᠠᠵᠤ ᠪᠠᠶᠢᠭ᠎ᠠ ᠬᠦᠷᠡᠯ ᠡᠳ᠋ᠯᠡᠯ᠂ ᠨᠡᠬᠡᠮᠡᠯ ᠤᠨ ᠵᠦᠢᠯᠡᠰ᠂ ᠮᠣᠳᠣᠨ ᠬᠡᠷᠡᠭᠰᠡᠯ ᠢ ᠬᠠᠮᠠᠭᠠᠯᠠᠨ ᠰᠡᠷᠭᠦᠭᠡᠬᠦ ᠲᠥᠯᠥᠪᠯᠡᠭᠡ︾ ᠳᠤ ᠰᠣᠩᠭᠤᠭᠳᠠᠵᠠᠢ᠃ | | |