ᠮ᠊ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠳᠥᠷᠪᠡᠳᠦᠭᠡᠷ | ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠣᠳᠣᠬᠠᠨ ᠪᠤᠯᠳᠠᠯ᠎ᠠ ᠭᠤᠷᠪᠠᠳᠤᠭᠠᠷ ᠤᠳᠠᠭ᠎ᠠ ᠶᠢᠨ ᠨᠡᠶᠢᠳᠡᠮ ᠪᠠᠶᠢᠴᠠᠭᠠᠭᠰᠠᠨ 18655 ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ | ᠬᠢᠨᠠᠨ ᠬᠠᠷᠭᠤᠭᠤᠯᠵᠤ᠂ ᠬᠠᠷᠭᠤᠭᠤᠯᠤᠭᠰᠠᠨ ᠨᠣᠷᠮ᠎ᠠ ᠨᠢ 88.43% ᠳᠤ ᠬᠦᠷᠴᠦ᠂ 1045 ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠰᠢᠨ᠎ᠡ ᠪᠠᠷ | ᠢᠯᠡᠷᠡᠭᠦᠯᠵᠦ᠂ 65 ᠬᠤᠰᠢᠭᠤ ᠰᠢᠶᠠᠨ ᠲᠣᠭᠤᠷᠢᠭ ᠨᠢᠭᠡᠨᠲᠡ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠡᠭᠦᠷᠭᠡ ᠪᠠᠨ ᠪᠡᠶᠡᠯᠡᠭᠦᠯᠪᠡ᠃ | 9 ᠰᠠᠷ᠎ᠠ ᠠᠴᠠ ᠨᠠᠭᠠᠰᠢ ᠮᠠᠨ ᠤ ᠣᠷᠣᠨ ᠤ ᠣᠷᠳᠣ ᠴᠠᠭᠠᠨ ᠬᠡᠷᠡᠮ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠠᠶᠢᠮᠠᠭ ᠬᠤᠲᠠ ᠦᠳᠲᠡᠷ | ᠲᠦᠷᠭᠡᠨ ᠬᠥᠳᠡᠯᠦᠯᠴᠡᠵᠦ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠭᠦ ᠲᠠᠯ᠎ᠠ ᠪᠠᠷ ᠤᠷᠤᠭᠰᠢᠲᠠᠢ ᠶᠠᠪᠤᠭᠳᠠᠭᠤᠯᠪᠠ᠃ ᠡᠯ᠎ᠡ ᠭᠠᠵᠠᠷ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠰᠠᠯᠠᠭ᠎ᠠ ᠮᠥᠴᠢᠷ ᠲᠤ ᠲᠠᠨᠢᠯᠲᠠ ᠪᠠᠨ ᠤᠯᠠᠮ ᠳᠡᠭᠡᠭᠰᠢᠯᠡᠭᠦᠯᠦᠨ ᠬᠥᠮᠥᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦ ᠪᠠᠨ ᠲᠥᠪᠯᠡᠷᠡᠭᠦᠯᠦᠨ | ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠭᠠᠵᠠᠷ ᠤᠨ ᠪᠠᠶᠢᠴᠠᠭᠠᠯᠲᠠ | ᠶᠢᠨ ᠱᠠᠲᠤᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠢᠷᠡᠬᠦ ᠵᠢᠯ ᠤᠨ 5 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠬᠠᠢ ᠶᠢᠨ ᠭᠠᠵᠠᠷ ᠤᠨ | ᠪᠠᠶᠢᠴᠠᠭᠠᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠨ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ | ᠬᠢᠭᠡᠳ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠳᠥᠷᠪᠡᠳᠦᠭᠡᠷ ᠤᠳᠠᠭ᠎ᠠ ᠶᠢᠨ ᠨᠡᠶᠢᠳᠡᠮ | ᠪᠠᠶᠢᠴᠠᠭᠠᠯᠲᠠ ᠪᠠᠷ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠢᠯ ᠤᠨ ᠬᠥᠮᠥᠷᠭᠡ ᠪᠠᠶᠢᠭᠤᠯᠤᠨ᠂ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠴᠢᠭᠯᠡᠭᠦᠯᠦᠯᠲᠦ ᠴᠢᠨᠠᠷᠲᠠᠢ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ | ᠬᠠᠮᠠᠭᠠᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠣᠨᠣᠪᠴᠢᠲᠠᠶ ᠡᠵᠡᠮᠰᠢᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠪᠠᠭᠤᠷᠢ ᠶᠢᠨ ᠲᠠᠷᠬᠠᠯᠲᠠ ᠶᠢ ᠣᠨᠣᠪᠴᠢᠲᠠᠶ ᠮᠠᠭᠠᠳᠯᠠᠵᠤ᠂ ︽ᠪᠠᠶᠢᠴᠠᠭᠠᠪᠠᠰᠤ ᠵᠣᠬᠢᠬᠤ ᠶᠢ ᠨᠢ ᠪᠦᠭᠦᠨ ᠢ ᠪᠠᠶᠢᠴᠠᠭᠠᠬᠤ᠂ ᠪᠠᠲᠤᠯᠠᠪᠠᠰᠤ ᠵᠣᠬᠢᠬᠤ ᠶᠢ ᠨᠢ | ᠪᠦᠭᠦᠨ ᠢ ᠪᠠᠲᠤᠯᠠᠬᠤ︾ ᠵᠠᠷᠴᠢᠮ ᠢᠶᠠᠷ ᠣᠷᠣᠨ ᠪᠦᠰᠡ ᠳᠣᠲᠣᠷᠠᠬᠢ ᠡᠯ᠎ᠡ ᠲᠥᠷᠥᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠦᠪᠡᠭᠴᠢ ᠶᠢ ᠪᠦᠭᠦ ᠲᠠᠯ᠎ᠠ ᠪᠠᠷ | ᠰᠢᠰᠲ᠋ᠧᠮ ᠲᠠᠢ ᠴᠤᠭᠯᠠᠭᠤᠯᠤᠨ᠂ ᠴᠠᠭ ᠲᠤᠬᠠᠢ ᠳᠤᠨᠢ ᠬᠠᠮᠠᠭᠠᠯᠠᠯᠲᠠ ᠶᠢᠨ ᠵᠢᠭᠰᠠᠭᠠᠯᠲᠠ ᠳᠤ ᠣᠷᠣᠭᠤᠯᠵᠤ᠂ ᠪᠦᠭᠦᠨ ᠢ ᠬᠠᠮᠤᠷᠬᠤ ᠶᠢ ᠱᠠᠭᠠᠷᠳᠠᠵᠤ ᠪᠠᠶᠢᠨ᠎ᠠ᠃ | | |