12 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠤᠨ | 2024 ᠣᠨ ᠤ ᠪᠠᠶᠠᠷ ᠤᠨ ᠶᠣᠰᠣᠯᠠᠯ ᠤᠨ ᠦᠳᠡᠰᠢ ᠶᠢᠨ ᠳᠠᠶᠢᠯᠠᠯᠭ᠎ᠠ ᠳᠤ ᠪᠠᠶᠠᠷ ᠤᠨ ᠵᠠᠬᠢᠳᠠᠯ ᠢᠯᠡᠭᠡᠵᠦ᠂ ᠵᠥᠪᠯᠡᠯ ᠵᠢᠴᠢ ᠪᠦᠭᠦ ᠪᠦᠷᠢᠯᠳᠦᠭᠦᠨ ᠳᠤ ᠪᠠᠶᠠᠷ | ᠬᠦᠷᠭᠡᠵᠦ ᠪᠠᠶᠢᠬᠤ ᠪᠠᠨ ᠢᠯᠡᠳᠬᠡᠵᠦ᠂ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠣᠷᠳᠣ ᠬᠤᠭᠤᠴᠠᠭ᠎ᠠ ᠪᠠᠷ ᠬᠠᠯᠠᠮᠵᠢᠯᠠᠨ | ᠳᠡᠮᠵᠢᠵᠦ ᠢᠷᠡᠭᠰᠡᠨ ᠠᠮᠧᠷᠢᠺᠠ ᠶᠢᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ | ᠪᠣᠯᠣᠨ᠎ᠠ᠂ ᠬᠤᠶᠠᠷ ᠤᠯᠤᠰ ᠤᠨ ᠠᠷᠠᠳ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠮᠥᠷᠲᠡᠭᠡᠨ ᠬᠥᠮᠥᠨ ᠲᠥᠷᠥᠯᠬᠢᠲᠡᠨ ᠤ ᠢᠷᠡᠭᠡᠳᠦᠢ | ᠬᠤᠪᠢ ᠵᠠᠶᠠᠭ᠎ᠠ ᠲᠠᠢ ᠴᠤ ᠬᠤᠯᠪᠣᠭᠳᠠᠨ᠎ᠠ᠃ ᠳᠤᠮᠳᠠᠳᠤ ᠠᠮᠧᠷᠢᠺᠠ ᠬᠠᠮᠲᠤᠷᠠᠯᠴᠠᠪᠠᠯ ᠬᠤᠶᠠᠭᠤᠯᠠ ᠳᠤ ᠠᠰᠢᠭᠲᠠᠢ᠂ ᠲᠡᠮᠡᠴᠡᠯᠳᠦᠪᠡᠯ ᠴᠥᠮ ᠬᠤᠬᠢᠷᠠᠨᠠ᠂ ᠶᠠᠷᠢᠯᠴᠠᠭ᠎ᠠ | ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠥᠷᠨᠢᠭᠦᠯᠬᠦ ᠠᠴᠠ ᠪᠢᠰᠢ ᠦᠯᠦ ᠡᠪᠰᠡᠬᠦ ᠦᠵᠡᠯᠴᠡᠭᠡᠨ ᠬᠢᠬᠦ ᠦᠭᠡᠢ ᠪᠠᠶᠢᠪᠠᠯ | ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠠᠮᠧᠷᠢᠺᠠ ᠯᠤᠭ᠎ᠠ ᠣᠯᠣᠯᠴᠠᠭ᠎ᠠ ᠪᠠᠨ ᠪᠠᠲᠤᠯᠠᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠵᠥᠷᠢᠯᠳᠦᠭᠡᠨ ᠢᠶᠠᠨ ᠬᠠᠮᠢᠶᠠᠷᠤᠨ | ᠡᠵᠡᠮᠳᠡᠵᠦ᠂ ᠰᠢᠨ᠎ᠡ ᠴᠠᠭ ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠦᠷᠭᠦᠯᠵᠢᠯᠡᠨ ᠰᠦᠪᠡᠭᠴᠢᠯᠡᠵᠦ᠂ ᠳᠤᠮᠳᠠᠳᠤ ᠠᠮᠧᠷᠢᠺᠠ ᠬᠤᠶᠠᠷ ᠤᠯᠤᠰ | ᠡᠨᠡ ᠬᠦ ᠪᠥᠮᠪᠥᠷᠴᠡᠭ ᠳᠡᠭᠡᠷ᠎ᠡ ᠤᠷᠳᠤ ᠬᠤᠭᠤᠴᠠᠭ᠎ᠠ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠢ ᠪᠡᠶᠡᠯᠡᠭᠦᠯᠵᠦ᠂ ᠬᠤᠶᠠᠷ ᠤᠯᠤᠰ ᠲᠤ ᠪᠤᠶᠠᠨ ᠦᠢᠯᠡᠳᠴᠦ᠂ | ᠳᠡᠯᠡᠬᠡᠢ ᠳ᠋ᠠᠬᠢᠨ ᠳᠤ ᠠᠰᠢᠭ ᠬᠦᠷᠲᠡᠭᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠪᠣᠯ ᠬᠤᠶᠠᠷ ᠤᠯᠤᠰ ᠤᠨ ᠬᠠᠷᠢᠯᠴᠠᠭ᠎ᠠ ᠶᠢᠨ ᠴᠢᠬᠤᠯᠠ | ᠪᠦᠷᠢᠯᠳᠦᠭᠦᠨ ᠬᠡᠰᠡᠭ ᠮᠥᠨ᠃ ᠬᠤᠶᠠᠷ ᠤᠯᠤᠰ ᠤᠨ ᠠᠰᠢᠭ ᠲᠤᠰᠠ ᠭᠦᠨᠵᠡᠭᠡᠢ ᠠᠭᠤᠰᠤᠯᠴᠠᠵᠤ᠂ ᠬᠠᠮᠲᠤᠷᠠᠯᠴᠠᠭᠠᠨ ᠤ ᠣᠷᠣᠨ ᠵᠠᠢ ᠬᠢᠵᠠᠭᠠᠷ ᠦᠭᠡᠢ ᠥᠷᠭᠡᠨ | ᠳᠡᠯᠭᠡᠷ ᠶᠤᠮ᠃ ᠬᠤᠶᠠᠷ ᠲᠠᠯ᠎ᠠ ᠪᠠᠷ ᠢᠶᠠᠨ ᠡᠷᠬᠡ ᠲᠡᠭᠰᠢ ᠪᠠᠷ ᠵᠥᠪᠳᠡᠯᠴᠡᠬᠦ ᠪᠠᠷ ᠲᠠᠮᠵᠢᠨ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠵᠦ᠂ ᠬᠠᠷᠢᠯᠴᠠᠨ | ᠨᠥᠬᠦᠪᠦᠷᠢᠯᠡᠬᠦ ᠳᠠᠪᠠᠭᠤᠯᠢᠭ ᠢᠶᠠᠨ ᠪᠠᠳᠠᠷᠠᠭᠤᠯᠵᠤ ᠬᠠᠮᠲᠤᠷᠠᠯᠴᠠᠬᠤ ᠬᠠᠮᠲᠤ ᠶᠢᠨ ᠠᠰᠢᠭ ᠲᠤᠰᠠ ᠪᠠᠨ ᠪᠤᠵᠠᠭᠠᠶᠢᠷᠠᠭᠤᠯᠵᠤ᠂ ᠲᠤᠰ ᠲᠤᠰ ᠤᠨ ᠠᠮᠵᠢᠯᠲᠠ ᠪᠠᠨ ᠲᠤᠰ | ᠲᠤᠰ ᠤᠨ ᠢᠶᠠᠨ ᠠᠵᠠ ᠲᠣᠭᠢᠶᠠᠯ ᠪᠤᠯᠭᠠᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠭᠠᠬᠤ ᠪᠢᠰᠢ᠂ ᠬᠤᠶᠠᠷ ᠲᠠᠯ᠎ᠠ ᠶᠢᠨ ᠬᠥᠭᠵᠢᠯᠲᠡ ᠪᠠᠨ ᠬᠠᠷᠢᠯᠴᠠᠨ ᠳᠡᠮᠵᠢᠯᠴᠡᠬᠦ | ᠬᠦᠴᠦᠨ ᠪᠤᠯᠭᠠᠬᠤ ᠠᠴᠠ ᠪᠢᠰᠢ ᠬᠠᠷᠢᠨ ᠬᠠᠷᠰᠢ ᠰᠠᠭᠠᠳ ᠪᠤᠯᠭᠠᠬᠤ ᠦᠭᠡᠢ ᠪᠠᠶᠢᠪᠠᠯ ᠵᠣᠬᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠭᠡᠭᠡᠯᠲᠡ ᠬᠢᠬᠦ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢᠨ ᠴᠢᠬᠤᠯᠠ ᠬᠥᠳᠡᠯᠭᠡᠬᠦ ᠬᠦᠴᠦᠨ ᠮᠥᠨ᠂ ᠡᠯ᠎ᠡ ᠤᠯᠤᠰ ᠤᠨ | ᠬᠥᠭᠵᠢᠯ ᠴᠡᠴᠡᠭᠯᠡᠯ ᠤᠨ ᠵᠠᠶᠢᠯᠠᠰᠢ ᠦᠭᠡᠢ ᠵᠠᠮ ᠮᠥᠨ᠃ ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠪᠣᠯᠣᠨ ᠳᠡᠯᠡᠬᠡᠢ ᠶᠢᠨ ᠬᠠᠮᠲᠤ ᠶᠢᠨ ᠬᠥᠭᠵᠢᠯᠲᠡ | ᠲᠠᠪᠰᠢᠯᠳᠠ ᠶᠢᠨ ᠲᠡᠦᠬᠡᠨ ᠠᠬᠢᠴᠠ ᠮᠥᠨ᠃ ᠬᠡᠳᠦᠨ ᠰᠠᠷ᠎ᠠ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ ᠳᠤᠮᠳᠠᠳᠤ ᠤᠯᠤᠰ ᠭᠠᠳᠠᠭᠠᠳᠤ | ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠠᠮᠧᠷᠢᠺᠠ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠤᠯᠤᠰ ᠤᠨ ᠠᠵᠤ | ᠠᠬᠤᠶᠢᠯᠠᠯ ᠳᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠦᠷᠭᠦᠯᠵᠢᠯᠡᠨ ᠪᠤᠢ ᠪᠣᠯᠭᠠᠨ ᠥᠭᠴᠦ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠲᠠᠰᠤᠷᠠᠯᠳᠠ ᠦᠭᠡᠢ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠭᠢᠶᠠᠯ ᠬᠠᠩᠭᠠᠨ᠎ᠠ᠃ ᠠᠮᠧᠷᠢᠺᠠ | ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠪᠣᠯᠣᠨ ᠡᠯ᠎ᠡ ᠡᠲᠡᠭᠡᠳ ᠤᠨ ᠨᠠᠶᠢᠵᠠ ᠨᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠦᠷᠭᠦᠯᠵᠢᠯᠡᠨ | ᠬᠠᠯᠠᠮᠵᠢᠯᠠᠨ ᠳᠡᠮᠵᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ | ᠬᠠᠮᠲᠤᠷᠠᠯᠴᠠᠭ᠎ᠠ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ | ᠵᠢᠭᠠᠵᠤ ᠭᠠᠷᠭᠠᠪᠠ᠃ | ᠲᠤᠰ ᠡᠳᠦᠷ᠂ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠪᠠᠰᠠ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠤᠨ 2024 | ᠣᠨ ᠤ ᠪᠠᠶᠠᠷ ᠤᠨ ᠶᠣᠰᠣᠯᠠᠯ ᠤᠨ ᠦᠳᠡᠰᠢ ᠶᠢᠨ ᠳᠠᠶᠢᠯᠠᠯᠭ᠎ᠠ ᠳᠤ ᠪᠠᠶᠠᠷ ᠤᠨ ᠵᠠᠬᠢᠳᠠᠯ ᠢᠯᠡᠭᠡᠪᠡ᠃ | | |