12 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ | ᠲᠥᠷᠥ ᠶᠢᠨ ᠲᠣᠪᠴᠢᠶᠠᠨ ᠤ ᠬᠤᠷᠠᠯ ᠪᠣᠯᠣᠨ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ ᠤ | ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠠᠯᠢ ᠤᠯᠠᠨ ᠰᠢᠨ᠎ᠡ ᠰᠢᠨᠵᠢᠯᠡᠬᠦ | ᠤᠬᠠᠭᠠᠨᠴᠢ ᠥᠭᠦᠯᠡᠯᠲᠡ ᠬᠢᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠪᠢᠳᠡᠨ ᠤ | ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠢᠷᠡᠬᠦ ᠵᠢᠯ ᠤᠨ ᠪᠦᠭᠦ ᠣᠷᠣᠨ ᠤ ᠠᠵᠤ ᠠᠬᠤᠢ ᠶᠢᠨ ᠠᠵᠢᠯ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠢᠯᠡᠳᠲᠡ ᠠᠮᠵᠢᠯᠲᠠ ᠪᠦᠲᠦᠮᠵᠢ ᠣᠯᠣᠭᠰᠠᠨ ᠤ ᠦᠨᠳᠦᠰᠦ ᠨᠢ ᠶᠡᠷᠦᠩᠬᠡᠢ ᠱᠦᠵᠢ | ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ ᠭᠡᠳᠡᠭ ᠢ ᠭᠦᠨᠵᠡᠭᠡᠢ ᠲᠠᠨᠢᠵᠤ᠂ ᠡᠷᠬᠡᠪᠰᠢ ︽ᠬᠤᠶᠠᠷ ᠢ ᠲᠣᠭᠲᠠᠭᠠᠭᠰᠠᠨ︾ | ᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠡᠩ ᠡᠷᠡᠰ ᠪᠠᠲᠤ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠢ | ᠲᠠᠭᠠᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠠᠪᠤᠨ ︽ᠡᠷᠬᠡᠪᠰᠢ ᠰᠠᠶᠢᠲᠤᠷ ᠨᠢᠭᠡᠳᠦᠯᠲᠡᠢ | ᠲᠥᠯᠥᠪᠵᠢᠭᠦᠯᠬᠦ︾ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠵᠢᠮ᠎ᠡ ᠶᠣᠰᠣ ᠶᠢ ᠨᠡᠩ ᠰᠠᠶᠢᠲᠤᠷ ᠡᠵᠡᠮᠳᠡᠨ᠂ ᠳᠠᠪᠠᠭᠤᠯᠢᠭ ᠢᠶᠠᠨ ᠪᠠᠳᠠᠷᠠᠭᠤᠯᠵᠤ | ᠳᠤᠲᠠᠭᠤᠳᠠᠯ ᠢᠶᠠᠨ ᠨᠥᠬᠦᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠳᠣᠬᠠᠨ ᠤ ᠠᠵᠤ ᠠᠬᠤᠢ ᠶᠢᠨ ᠪᠠᠶᠢᠳᠠᠯ ᠤᠨ | ᠲᠤᠬᠠᠢ ᠨᠠᠮ ᠤᠨ ᠲᠥᠪ ᠬᠤᠷᠢᠶ᠎ᠠ ᠶᠢᠨ ᠵᠠᠳᠠᠯᠤᠯᠲᠠ ᠮᠠᠭᠠᠳᠯᠠᠯᠲᠠ ᠶᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠬᠤᠶᠠᠷ ᠶᠡᠭᠡ ᠶᠠᠪᠤᠳᠠᠯ ᠢᠯᠠᠩᠭᠤᠶ᠎ᠠ ︽ᠲᠠᠪᠤᠨ | ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠬᠤᠷᠠᠯ ᠠᠴᠠ ᠲᠣᠭᠲᠠᠭᠠᠭᠰᠠᠨ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ | ᠨᠢᠭᠡᠳ ᠨᠢᠭᠡ ᠪᠠᠷ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠲᠦᠷᠦ ᠶᠢᠨ ᠪᠣᠳᠣᠯᠭ᠎ᠠ ᠶᠢᠨ ᠠᠰᠢᠭ ᠢ ᠭᠦᠢᠴᠡᠳ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠠᠵᠢᠯ ᠢᠶᠠᠨ ᠥᠨᠳᠥᠷ ᠪᠦᠲᠦᠮᠵᠢᠲᠡᠢ ᠪᠠᠷ ᠲᠥᠯᠥᠪᠵᠢᠭᠦᠯᠦᠨ ᠠᠬᠢᠭᠤᠯᠵᠤ᠂ ᠮᠠᠨ ᠤ ᠣᠷᠣᠨ ᠤ ᠠᠵᠤ ᠠᠬᠤᠢ ᠶᠢᠨ | ᠬᠥᠭᠵᠢᠯᠲᠡ ᠶᠢᠨ ᠰᠠᠶᠢᠨ ᠬᠠᠨᠳᠤᠰᠢ ᠶᠢ ᠪᠠᠲᠤᠯᠠᠵᠤ᠂ ᠴᠤᠴᠠᠯᠲᠠ ᠦᠭᠡᠢ ᠴᠢᠷᠮᠠᠶᠢᠨ ᠠᠵᠢᠯᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠵᠤ | ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠴᠢᠬᠤᠯᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠥᠪ ᠴᠢᠭᠯᠡᠯ ᠢᠶᠠᠷ | ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠬᠢᠵᠠᠭᠠᠷᠯᠠᠬᠤ ᠶᠢ ᠴᠢᠩᠭᠠᠳᠬᠠᠨ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠠᠢ ᠶᠢ ᠡᠷᠬᠢᠮᠯᠡᠭᠰᠡᠨ | ᠠᠷᠭ᠎ᠠ ᠬᠡᠮᠵᠢᠶ᠎ᠡ ᠠᠪᠴᠤ᠂ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠪᠣᠳᠠᠲᠤ ᠠᠮᠵᠢᠯᠲᠠ ᠶᠢ ᠴᠢᠬᠤᠯᠠᠴᠢᠯᠠᠵᠤ᠂ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠢ | ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ | ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠵᠤ᠂ ᠴᠢᠬᠤᠯᠠ | ᠶᠡᠭᠡ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠯᠲᠠ ᠲᠠᠯᠪᠢᠨ ᠪᠠᠶᠢᠴᠠᠭᠠᠬᠤ ᠪᠠ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠤ | ᠣᠷᠣᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠪᠤᠰᠤ | ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠵᠡᠷᠭᠡ ᠳᠤᠨᠢ ᠪᠠᠶᠢᠴᠠᠭᠠᠨ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠨᠠᠯᠲᠠ ᠶᠢ | ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠢ ᠰᠠᠶᠢᠲᠤᠷ ᠬᠡᠷᠡᠭᠯᠡᠵᠦ᠂ ᠳᠦᠷᠢᠮ ᠲᠣᠭᠲᠠᠴᠠ ᠶᠢᠨ ᠲᠠᠯ᠎ᠠ ᠪᠠᠷ ᠬᠦᠴᠦᠯᠡᠨ ᠭᠤᠣᠯᠳᠠᠯᠭ᠎ᠠ ᠲᠠᠢ ᠬᠦᠷᠢᠶᠡᠨ ᠳᠠᠬᠢ | ᠢᠯᠵᠢᠷᠡᠯ ᠪᠣᠯᠣᠨ ᠤᠯᠠᠨ ᠲᠦᠮᠡᠨ ᠤ ᠳᠡᠷᠭᠡᠳᠡᠬᠢ ᠰᠤᠷᠲᠠᠯ ᠤᠨ ᠭᠡᠮ ᠰᠣᠭᠤᠭ ᠢ ᠭᠦᠨᠵᠡᠭᠡᠢ ᠴᠡᠭᠴᠡᠯᠡᠨ ᠵᠠᠰᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ | ᠵᠢᠷᠤᠮᠵᠢᠭᠤᠯᠬᠤ᠂ ᠬᠠᠤᠯᠢ ᠪᠠᠷ ᠵᠠᠰᠠᠬᠤ᠂ ᠵᠢᠩᠬᠢᠨᠢᠴᠢᠯᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠭᠠᠳᠠᠨᠠᠬᠢ ᠬᠥᠮᠥᠰ ᠲᠠᠢ ᠬᠠᠮᠲᠤᠷᠠᠨ ᠠᠵᠢᠯᠯᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠭᠠᠳᠠᠨᠠᠬᠢ ᠬᠥᠮᠥᠰ ᠢ | ᠬᠥᠲᠥᠯᠥᠨ ᠵᠢᠯᠤᠭᠤᠳᠴᠤ ᠪᠠᠶᠢᠭᠠᠳ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠦᠢᠯᠡᠰ ᠲᠤ | ᠢᠳᠡᠪᠬᠢᠲᠡᠢ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠢᠯᠡᠭᠦᠬᠡᠨ ᠠᠷᠭ᠎ᠠ | ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠢᠯᠢ ᠬᠢᠵᠠᠭᠠᠷ ᠤᠨ ᠵᠠᠰᠠᠯᠲᠠ ᠶᠢᠨ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠪᠡᠭᠡᠵᠢᠩ ᠲᠢᠶᠠᠨᠵᠢᠨ | ᠾᠧᠪᠧᠢ ᠵᠡᠷᠭᠡ ᠭᠠᠵᠠᠷ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ ᠳᠡᠮᠵᠢᠯᠭᠡ ᠶᠢ ᠢᠳᠡᠪᠬᠢᠲᠡᠢ ᠭᠤᠶᠤᠴᠢᠯᠠᠨ ᠣᠯᠵᠤ᠂ ᠰᠠᠭᠤᠷᠢ ᠲᠥᠬᠦᠭᠡᠷᠦᠮᠵᠢ ᠶᠢ ᠬᠦᠴᠦᠯᠡᠨ | ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠬᠦᠴᠦᠯᠡᠨ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠬᠢᠯᠢ ᠬᠢᠵᠠᠭᠠᠷ ᠤᠨ ᠵᠠᠰᠠᠯᠲᠠ ᠶᠢᠨ ᠣᠨᠣᠯ ᠤᠨ ᠰᠤᠳᠤᠯᠭᠠᠨ ᠢ | ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠢᠯᠢ ᠬᠢᠵᠠᠭᠠᠷ ᠤᠨ ᠵᠠᠰᠠᠯᠲᠠ ᠶᠢᠨ ᠥᠪᠥᠷ ᠮᠣᠩᠭᠤᠯ ᠤᠨ ᠥᠯᠢᠭᠡᠷ ᠢ ᠰᠠᠶᠢᠲᠤᠷ ᠶᠠᠷᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 2024 ᠣᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠣᠰᠣᠭᠠᠷ ᠠᠮᠤ ᠪᠤᠳᠠᠭ᠎ᠠ | ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠭᠠᠵᠠᠷ ᠤᠨ ᠰᠢᠮ᠎ᠡ ᠬᠦᠴᠦ ᠶᠢ ᠳᠡᠭᠡᠭᠰᠢᠯᠡᠭᠦᠯᠵᠦ᠂ ᠭᠠᠵᠠᠷ ᠰᠢᠷᠣᠢ ᠶᠢᠨ | ᠡᠷᠭᠢᠯᠲᠡ ᠶᠢ ᠵᠢᠷᠤᠮᠵᠢᠭᠤᠯᠵᠤ᠂ ᠲᠠᠷᠢᠶᠠᠴᠢᠳ ᠲᠤ ᠬᠤᠯᠪᠣᠭᠳᠠᠭᠰᠠᠨ ᠨᠥᠬᠦᠪᠦᠷᠢ ᠶᠢ ᠪᠠᠭᠤᠯᠭᠠᠬᠤ ᠠᠷᠭ᠎ᠠ ᠭᠡᠯᠪᠡᠷᠢ ᠶᠢ ᠰᠢᠯᠢᠳᠡᠭᠵᠢᠭᠦᠯᠵᠦ᠂ ᠮᠠᠯᠴᠢᠨ ᠲᠠᠷᠢᠶᠠᠴᠢᠨ ᠤ | ᠣᠷᠣᠯᠭ᠎ᠠ ᠶᠢᠨ ᠨᠡᠮᠡᠭᠳᠡᠯ ᠢ ᠢᠳᠡᠪᠬᠢᠲᠡᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠦᠭᠦ ᠬᠦᠴᠦ ᠪᠠᠷ ᠢᠶᠠᠨ ᠬᠤᠪᠢ ᠨᠡᠮᠡᠷᠢ | ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠸᠠᠩ ᠪᠦᠸᠧ ᠳᠤ ᠥᠭᠭᠦᠭᠰᠡᠨ | ᠬᠤᠯᠪᠣᠭᠳᠠᠯ ᠪᠦᠬᠦᠢ ᠰᠢᠢᠳᠬᠡᠯ ᠥᠭᠬᠦ ᠲᠣᠭᠲᠠᠭᠠᠯ ᠢ ᠵᠠᠷᠯᠠᠨ ᠮᠡᠳᠡᠭᠳᠡᠪᠡ᠃ ᠬᠤᠷᠠᠯ ᠳᠤ ᠣᠷᠣᠯᠴᠠᠬᠰᠠᠨ ᠨᠥᠬᠦᠳ᠂ ᠨᠠᠮ ᠤᠨ ᠲᠥᠪ ᠬᠤᠷᠢᠶ᠎ᠠ ᠶᠢᠨ ᠲᠣᠭᠲᠠᠭᠠᠯ ᠢ | ᠡᠷᠡᠰ ᠬᠦᠷᠢᠶᠡᠯᠡᠵᠦ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠣᠭᠲᠠᠭᠠᠯ ᠢ ᠡᠷᠡᠰ ᠬᠦᠷᠢᠶᠡᠯᠡᠨ᠎ᠡ | ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠬᠤᠷᠠᠯ ᠠᠴᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠸᠠᠩ | ᠪᠦᠸᠧ ᠳᠤ ᠰᠢᠢᠳᠬᠡᠯ ᠥᠭᠬᠦ ᠲᠣᠭᠲᠠᠭᠠᠯ ᠭᠠᠷᠭᠠᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠢᠯᠵᠢᠷᠡᠯ ᠢ ᠡᠰᠡᠷᠭᠦᠴᠡᠬᠦ | ᠲᠡᠮᠡᠴᠡᠯ ᠢ ᠡᠴᠦᠰ ᠲᠤᠨᠢ ᠲᠤᠯᠲᠠᠯ᠎ᠠ ᠬᠢᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠡᠷᠡᠰ ᠪᠠᠲᠤ ᠵᠣᠷᠢᠭ ᠪᠠ ᠢᠯᠡ ᠲᠣᠳᠣ | ᠣᠪᠣᠷ ᠢ ᠭᠦᠢᠴᠡᠳ ᠢᠯᠡᠷᠡᠭᠦᠯᠪᠡ᠃ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠸᠠᠩ ᠪᠦᠸᠧ ᠶᠢᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ | ᠬᠡᠷᠡᠭ ᠢᠶᠠᠷ ᠲᠣᠯᠢ ᠪᠣᠯᠭᠠᠨ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠤᠯᠤᠰ ᠲᠦᠷᠦ ᠶᠢᠨ ᠥᠨᠳᠥᠷᠴᠡ ᠠᠴᠠ ᠢᠯᠵᠢᠷᠡᠯ ᠤᠨ ᠠᠰᠠᠭᠤᠳᠠᠯ ᠤᠨ | ᠬᠦᠨᠳᠦ ᠨᠣᠴᠢᠲᠠᠢ ᠬᠤᠣᠷ ᠬᠥᠨᠥᠭᠡᠯ ᠢ ᠰᠡᠷᠭᠡᠭ ᠢᠶᠠᠷ ᠲᠠᠨᠢᠵᠤ᠂ ᠠᠯᠢᠪᠠ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠲᠠᠢ ᠡᠷᠡᠰ ᠲᠡᠮᠡᠴᠡᠯ | ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ | ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠰᠠᠬᠢᠵᠤ᠂ ᠴᠠᠭ ᠢᠮᠠᠭᠲᠠ ᠥᠪᠡᠷ ᠢ ᠪᠠᠨ ᠭᠦᠨᠳᠦᠳᠭᠡᠵᠦ ᠥᠪᠡᠷ ᠢ ᠪᠠᠨ ᠰᠡᠷᠡᠮᠵᠢᠯᠡᠭᠦᠯᠵᠦ | ᠥᠪᠡᠷ ᠢ ᠪᠠᠨ ᠵᠣᠷᠢᠭᠵᠢᠭᠤᠯᠵᠤ᠂ ᠢᠯᠵᠢᠷᠡᠯ ᠢ ᠲᠡᠪᠴᠢᠵᠦ ᠴᠢᠨᠠᠷ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠠ | ᠦᠭᠡᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |