ᠰᠤᠷᠪᠤᠯᠵᠢᠯᠠᠬᠴᠢ 11 ᠤ ᠡᠳᠦᠷ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ 11 | ᠰᠠᠷ᠎ᠠ ᠳᠤ᠂ ᠮᠠᠨ ᠤ ᠤᠯᠤᠰ ᠤᠨ ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠲᠣᠰ ᠲᠣᠰ 343.7 ᠲᠦᠮᠡ ᠪᠠ 331.6 ᠲᠦᠮᠡ ᠳᠤ | ᠬᠦᠷᠴᠦ᠂ ᠳᠡᠭᠡᠷ᠎ᠡ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠣᠰ ᠲᠣᠰ 14.7% ᠪᠠ 8.6% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ ᠲᠣᠰ 11.1% ᠪᠠ 11.7% ᠪᠠᠷ ᠨᠡᠮᠡᠭᠳᠡᠵᠦ᠂ ᠲᠣᠰ ᠰᠠᠷ᠎ᠠ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ | ᠳᠤᠮᠳᠠᠳᠤ ᠤᠯᠤᠰ ᠤᠨ ᠮᠠᠰᠢᠨ ᠲᠡᠷᠭᠡᠨ ᠤ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠴᠧᠨ ᠱᠢ ᠬᠤᠸᠠ᠂ 11 ᠰᠠᠷ᠎ᠠ ᠳᠤ ᠮᠠᠰᠢᠨ ᠲᠡᠷᠭᠡᠨ ᠤ | ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠠᠶᠢᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠦᠷᠭᠦᠯᠵᠢᠯᠡᠨ | ᠢᠯᠡᠷᠡᠵᠦ᠂ ᠮᠠᠰᠢᠨ ᠲᠡᠷᠭᠡ ᠬᠤᠳᠠᠯᠳᠤᠨ ᠠᠪᠬᠤ ᠬᠡᠷᠡᠭᠴᠡᠭᠡ ᠤᠯᠠᠮ ᠨᠢᠭᠡ ᠠᠯᠬᠤᠮ ᠨᠡᠮᠡᠭᠳᠡᠪᠡ᠃ 1 ᠰᠠᠷ᠎ᠠ ᠠᠴᠠ 11 ᠰᠠᠷ᠎ᠠ ᠪᠤᠯᠲᠠᠯ᠎ᠠ᠂ ᠮᠠᠨ ᠤ ᠤᠯᠤᠰ ᠤᠨ | ᠮᠠᠰᠢᠨ ᠲᠡᠷᠭᠡᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ ᠲᠣᠰ ᠲᠣᠰ 2790.3 ᠲᠦᠮᠡ ᠪᠠ 2794 ᠲᠦᠮᠡ ᠳᠤ ᠬᠦᠷᠴᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ ᠲᠣᠰ ᠲᠣᠰ 2.9% ᠪᠠ 3.7% ᠪᠠᠷ ᠨᠡᠮᠡᠭᠳᠡᠪᠡ᠃ ᠰᠠᠭᠤᠳᠠᠯ ᠤᠨ ᠮᠠᠰᠢᠨ ᠤ ᠵᠠᠬ᠎ᠠ ᠳᠡᠯᠭᠡᠭᠦᠷ ᠤᠨ ᠢᠯᠡᠷᠡᠯ ᠦᠷᠭᠦᠯᠵᠢᠯᠡᠨ | ᠴᠢᠩᠭᠠᠷᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠵᠦ᠂ ᠨᠡᠯᠢᠶᠡᠳ ᠴᠢᠩᠭ᠎ᠠ ᠲᠤᠯᠭᠠᠭᠤᠷᠢᠯᠠᠬᠤ ᠦᠢᠯᠡᠳᠦᠯ ᠦᠵᠡᠭᠦᠯᠪᠡ | ᠭᠡᠵᠡᠢ᠃ | ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 11 ᠰᠠᠷ᠎ᠠ ᠳᠤ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠬᠡᠮᠵᠢᠶ᠎ᠡ ᠲᠣᠰ ᠲᠣᠰ 156.6 ᠲᠦᠮᠡ ᠪᠠ 151.2 ᠲᠦᠮᠡ ᠪᠠᠶᠢᠵᠤ᠂ ᠳᠡᠭᠡᠷ᠎ᠡ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠲᠣᠰ | ᠲᠣᠰ 7.1% ᠪᠠ 5.7% ᠪᠠᠷ ᠨᠡᠮᠡᠭᠳᠡᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 45.8% ᠪᠠ 47.4% ᠪᠠᠷ ᠨᠡᠮᠡᠭᠳᠡᠵᠦ᠂ | ᠰᠢᠨ᠎ᠡ ᠡᠨᠧᠷᠭᠢ ᠶᠢᠨ ᠰᠢᠨ᠎ᠡ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠨᠢ ᠰᠢᠨ᠎ᠡ ᠮᠠᠰᠢᠨ ᠲᠡᠷᠭᠡᠨ ᠤ ᠶᠡᠷᠦᠩᠬᠡᠢ ᠪᠣᠷᠤᠯᠠᠭᠤᠯᠭ᠎ᠠ ᠶᠢᠨ ᠬᠡᠮᠵᠢᠶ᠎ᠡ ᠶᠢᠨ 45. | 6% ᠳᠤ ᠬᠦᠷᠴᠡᠢ᠃ | ᠴᠧᠨ ᠱᠢ ᠬᠤᠸᠠ᠂ ᠲᠥᠷᠥ ᠶᠢᠨ ᠪᠣᠳᠣᠯᠭ᠎ᠠ ᠶᠢᠨ ᠬᠤᠷᠠᠮᠠᠯ ᠦᠢᠯᠡᠳᠦᠯ ᠲᠠᠰᠤᠷᠠᠯᠲᠠ ᠦᠭᠡᠢ ᠢᠯᠡᠷᠡᠬᠦ ᠶᠢ ᠳᠠᠭᠠᠯᠳᠤᠨ᠂ ᠡᠯ᠎ᠡ ᠭᠠᠵᠠᠷ ᠵᠢᠴᠢ ᠠᠵᠤ | ᠠᠬᠤᠶᠢᠯᠠᠯ ᠤᠨ ᠪᠣᠷᠤᠯᠠᠭᠤᠯᠭ᠎ᠠ ᠶᠢᠨ ᠠᠵᠢᠯᠯᠠᠭ᠎ᠠ ᠦᠷᠭᠦᠯᠵᠢᠯᠡᠨ ᠬᠦᠴᠦᠯᠡᠵᠦ᠂ ᠵᠢᠱᠢᠯᠲᠡ ᠪᠠᠷ 12 ᠰᠠᠷ᠎ᠠ ᠳᠤ ᠮᠠᠰᠢᠨ ᠲᠡᠷᠭᠡᠨ ᠤ ᠵᠠᠬ᠎ᠠ ᠳᠡᠯᠭᠡᠭᠦᠷ ᠦᠷᠭᠦᠯᠵᠢᠯᠡᠨ | ᠰᠠᠶᠢᠵᠢᠷᠠᠬᠤ ᠪᠣᠯᠣᠨ᠎ᠠ ᠭᠡᠪᠡ᠃ | | |