ᠲᠦᠷᠦᠭᠦᠦ 11 ᠰᠠᠷ᠎ᠠ ᠳᠤ ᠮᠠᠨ ᠤ ᠤᠯᠤᠰ ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 7497 ᠳ᠋ᠦᠩᠰᠢᠭᠤᠷ ᠲᠥᠭᠦᠷᠢᠭ ᠲᠤ ᠭᠦᠷᠪᠡ
ᠨᠡᠶᠢᠲᠡᠯᠡᠭᠰᠡᠨ ᠴᠠᠭ᠄
2024/12/16
      ᠬᠤᠳᠠᠯᠳᠤᠭᠠᠨ ᠤ ᠶᠠᠪᠤᠳᠠᠯ ᠤᠨ ᠶᠠᠮᠤᠨ ᠤ 14 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ 1 ᠠᠴᠠ 11 ᠰᠠᠷ᠎ᠠ ᠪᠤᠯᠲᠠᠯ᠎ᠠ᠂ ᠪᠦᠭᠦ ᠤᠯᠤᠰ ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢᠨ ᠵᠣᠭᠤᠰᠤᠨ ᠲᠤᠭ᠎ᠠ 7497 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 27.9% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 ᠠᠴᠠ 10 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.9 ᠬᠤᠪᠢ ᠪᠠᠭᠠᠰᠴᠤ᠂ ᠭᠤᠷᠪᠠᠨ ᠰᠠᠷ᠎ᠠ ᠳᠠᠷᠠᠭᠠᠯᠠᠨ ᠪᠠᠭᠤᠷᠠᠯᠲᠠ ᠶᠢᠨ ᠬᠡᠮᠵᠢᠶ᠎ᠡ ᠨᠢ ᠪᠠᠭᠠᠰᠤᠭᠰᠠᠨ ᠪᠠᠶᠢᠨ᠎ᠠ᠃ 11 ᠰᠠᠷ᠎ᠠ ᠳᠤ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢᠨ ᠵᠣᠭᠤᠰ ᠤᠨ ᠲᠤᠭ᠎ᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃      ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠲᠦᠷᠦᠭᠦᠦ 11 ᠰᠠᠷ᠎ᠠ ᠳᠤ᠂ ᠪᠦᠭᠦ ᠤᠯᠤᠰ ᠲᠤ ᠰᠢᠨ᠎ᠡ ᠪᠠᠷ ᠪᠠᠶᠢᠭᠤᠯᠤᠭᠳᠠᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 52379 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠵᠦ᠂ ᠲᠡᠦᠬᠡ ᠶᠢᠨ ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠲᠦᠪᠰᠢᠨ ᠳᠤ ᠬᠦᠷᠴᠡᠢ᠃      ᠪᠡᠯᠡ ᠮᠥᠩᠭᠦ ᠣᠷᠣᠭᠤᠯᠤᠨ ᠠᠪᠴᠢᠷᠠᠬᠤ ᠪᠦᠲᠦᠴᠡ ᠦᠷᠭᠦᠯᠵᠢᠯᠡᠨ ᠰᠢᠯᠢᠳᠡᠭᠵᠢᠬᠦ ᠪᠠᠶᠢᠳᠠᠯ ᠢᠯᠡᠷᠡᠪᠡ᠃ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.3 ᠬᠤᠪᠢ ᠳᠡᠭᠡᠭᠰᠢᠯᠡᠪᠡ; ᠡᠮᠴᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠵᠢᠴᠢ ᠬᠡᠮᠵᠢᠭᠦᠷᠯᠢᠭ ᠴᠠᠬᠯᠢᠭ ᠦᠢᠯᠡᠳᠬᠦ ᠦᠢᠯᠡᠰ᠂ ᠺᠤᠮᠫᠢᠦ᠋ᠲ᠋ᠧᠷ ᠵᠢᠴᠢ ᠠᠯᠪᠠᠯᠠᠬᠤ ᠲᠥᠬᠦᠭᠡᠷᠦᠮᠵᠢ ᠦᠢᠯᠡᠳᠬᠦ ᠦᠢᠯᠡᠰ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 53.4%᠂ 39.1% ᠪᠠ 19% ᠪᠠᠷ ᠨᠡᠮᠡᠭᠳᠡᠪᠡ᠃      ᠪᠡᠯᠡ ᠮᠥᠩᠭᠦ ᠣᠷᠣᠭᠤᠯᠤᠨ ᠠᠪᠴᠢᠷᠠᠬᠤ ᠢᠷᠡᠯᠲᠡ ᠶᠢᠨ ᠭᠠᠵᠠᠷ ᠨᠠᠩ ᠣᠯᠠᠨ ᠡᠰᠢᠵᠢᠪᠡ᠃ ᠬᠡᠰᠡᠭ ᠬᠥᠭᠵᠢᠭᠰᠡᠨ ᠠᠵᠤ ᠠᠬᠤᠢ ᠶᠢᠨ ᠴᠣᠭᠴᠠ ᠶᠢᠨ ᠳᠤᠮᠳᠠᠳᠤ ᠤᠯᠤᠰ ᠲᠠᠬᠢ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠪᠡ᠂ ᠵᠢᠱᠢᠶᠡᠯᠡᠪᠡᠯ ᠭᠧᠷᠮᠠᠨ᠂ ᠰᠢᠩᠭᠠᠫᠤᠷ᠂ ᠰᠸᠢᠰ ᠤᠨ ᠳᠤᠮᠳᠠᠳᠤ ᠤᠯᠤᠰ ᠲᠠᠬᠢ ᠪᠣᠳᠠᠲᠠᠢ ᠪᠡᠯᠡ ᠣᠷᠣᠭᠤᠯᠤᠯᠲᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.9%᠂ 4.8%᠂ 4% ᠪᠠᠷ ᠨᠡᠮᠡᠭᠳᠡᠪᠡ; ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠳᠤᠮᠳᠠᠳᠤ ᠤᠯᠤᠰ ᠲᠠᠬᠢ ᠪᠡᠯᠡ ᠣᠷᠣᠭᠤᠯᠤᠯᠲᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ᠃      ᠵᠢᠯ ᠤᠨ ᠡᠬᠢᠨ ᠠᠴᠠ ᠨᠠᠭᠠᠰᠢ᠂ ᠮᠠᠨ ᠤ ᠤᠯᠤᠰ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠨᠡᠭᠡᠭᠡᠯᠲᠡ ᠶᠢ ᠥᠷᠭᠡᠳᠬᠡᠬᠦ᠂ ᠭᠠᠳᠠᠭᠠᠳᠤ ᠪᠡᠯᠡ ᠶᠢ ᠪᠠᠶᠠᠷᠯᠠᠨ ᠤᠭᠲᠤᠬᠤ ᠢᠳᠡᠪᠬᠢᠲᠡᠢ ᠳᠣᠬᠢᠶ᠎ᠠ ᠶᠢ ᠭᠠᠷᠭᠠᠪᠠ᠃ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠠᠮᠢᠳᠤ ᠪᠣᠳᠠᠰ ᠤᠨ ᠮᠡᠷᠭᠡᠵᠢᠯ ᠤᠨ ᠬᠦᠷᠢᠶᠡᠨ ᠳᠠᠬᠢ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠠᠵᠤ ᠠᠬᠤᠶᠢᠯᠠᠯ ᠤᠨ ᠳᠠᠩᠰᠠᠯᠠᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠶᠢ ᠠᠬᠢᠭᠤᠯᠵᠤ᠂ ᠲᠤᠰᠠᠭᠠᠷ ᠪᠡᠯᠡᠳᠤ ᠡᠮᠨᠡᠯᠭᠡ ᠶᠢᠨ ᠬᠤᠷᠢᠶ᠎ᠠ ᠶᠢᠨ ᠬᠦᠷᠢᠶᠡᠨ ᠳᠠᠬᠢ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠪᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢᠭᠡᠨᠲᠡ ︽ᠳᠤᠮᠳᠠᠳᠤ ᠤᠯᠤᠰ ᠲᠤ ᠪᠡᠯᠡ ᠣᠷᠣᠭᠤᠯᠬᠤ︾ ᠭᠤᠣᠯᠳᠠᠯᠭ᠎ᠠ ᠲᠠᠢ ᠠᠵᠢᠯᠯᠠᠭ᠎ᠠ ᠶᠢ 27 ᠤᠳᠠᠭ᠎ᠠ ᠥᠷᠨᠢᠭᠦᠯᠵᠦ᠂ 15 ᠤᠳᠠᠭ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠣᠭᠤᠷᠢᠭ ᠰᠢᠷᠡᠭᠡᠨ ᠤ ᠬᠤᠷᠠᠯ ᠬᠤᠷᠠᠯᠳᠤᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠪᠠ ᠭᠠᠳᠠᠭᠠᠳᠤ ᠶᠢᠨ ᠬᠤᠳᠠᠯᠳᠤᠭᠠᠴᠢᠳ ᠤᠨ ᠨᠡᠶᠢᠭᠡᠮᠯᠢᠭ ᠲᠠᠢ 200 ᠭᠠᠷᠤᠢ ᠤᠳᠠᠭ᠎ᠠ ᠪᠠᠶᠢᠩᠭᠤᠵᠢᠭᠰᠠᠨ ᠣᠯᠣᠯᠴᠠᠭ᠎ᠠ ᠰᠣᠯᠢᠯᠴᠠᠭ᠎ᠠ ᠥᠷᠨᠢᠭᠦᠯᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠦᠴᠢᠷᠳᠡᠯ ᠤᠨ ᠠᠰᠠᠭᠤᠳᠠᠯ ᠢ 300 ᠭᠠᠷᠤᠢ ᠤᠳᠠᠭ᠎ᠠ ᠵᠣᠬᠢᠴᠠᠭᠤᠯᠤᠨ ᠰᠢᠢᠳᠪᠦᠷᠢᠯᠡᠪᠡ᠃      ᠣᠶᠢᠷ᠎ᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠠᠩᠭ᠍ᠯᠢ ᠶᠢᠨ ᠬᠤᠳᠠᠯᠳᠤᠭᠠᠴᠢᠳ ᠤᠨ ᠡᠪᠯᠡᠯ ᠤᠨ ᠨᠡᠶᠢᠲᠡᠯᠡᠭᠰᠡᠨ ︽2024 - 2025 ᠣᠨ ᠤ ᠳᠤᠮᠳᠠᠳᠤ ᠤᠯᠤᠰ ᠲᠤ ᠪᠠᠶᠢᠭ᠎ᠠ ᠠᠩᠭ᠍ᠯᠢ ᠶᠢᠨ ᠠᠵᠤ ᠠᠬᠤᠶᠢᠯᠠᠯ᠄ ᠬᠤᠳᠠᠯᠳᠤᠭᠠᠨ ᠤ ᠢᠲᠡᠭᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠳᠤ ᠬᠠᠷᠠᠭᠤᠯᠤᠭᠰᠠᠨ ᠢᠶᠠᠷ᠂ 76% ᠶᠢᠨ ᠰᠣᠷᠪᠤᠯᠵᠢᠯᠠᠭ᠎ᠠ ᠬᠦᠯᠢᠶᠡᠭᠰᠡᠨ ᠠᠵᠤ ᠠᠬᠤᠶᠢᠯᠠᠯ ᠣᠳᠣᠬᠠᠨ ᠤ ᠪᠡᠯᠡ ᠣᠷᠣᠭᠤᠯᠤᠯᠲᠠ ᠶᠢᠨ ᠲᠦᠪᠰᠢᠨ ᠢᠶᠠᠨ ᠪᠠᠲᠤᠯᠠᠬᠤ ᠪᠤᠶᠤ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠎ᠡ ᠭᠡᠵᠦ ᠢᠯᠡᠳᠭᠡᠵᠠᠭᠡᠪᠡ; ᠳᠤᠮᠳᠠᠳᠤ ᠤᠯᠤᠰ ᠤᠨ ᠭᠧᠷᠮᠠᠨ ᠤ ᠬᠤᠳᠠᠯᠳᠤᠭᠠᠴᠢᠳ ᠤᠨ ᠡᠪᠯᠡᠯ ᠤᠨ ᠨᠡᠶᠢᠲᠡᠯᠡᠭᠰᠡᠨ 2024᠂ 2025 ᠣᠨ ᠤ ᠬᠤᠳᠠᠯᠳᠤᠭᠠᠨ ᠤ ᠢᠲᠡᠭᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠬᠠᠷᠠᠭᠤᠯᠤᠭᠰᠠᠨ ᠢᠶᠠᠷ᠂ 92% ᠤᠨ ᠰᠣᠷᠪᠤᠯᠵᠢᠯᠠᠭ᠎ᠠ ᠬᠦᠯᠢᠶᠡᠭᠰᠡᠨ ᠠᠵᠤ ᠠᠬᠤᠶᠢᠯᠠᠯ ᠦᠷᠭᠦᠯᠵᠢᠯᠡᠨ ᠳᠤᠮᠳᠠᠳᠤ ᠤᠯᠤᠰ ᠲᠤ ᠡᠵᠡᠩᠨᠡᠯᠲᠡ ᠪᠠᠨ ᠥᠷᠨᠢᠭᠦᠯᠬᠦ ᠪᠠᠷ ᠲᠥᠯᠥᠪᠯᠡᠵᠦ᠂ ᠬᠠᠭᠠᠰ ᠢᠯᠡᠭᠦᠦ ᠨᠢ ᠢᠷᠡᠬᠦ ᠬᠤᠶᠠᠷ ᠵᠢᠯ ᠤᠨ ᠳᠣᠲᠣᠷ᠎ᠠ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ ᠪᠠᠷ ᠲᠥᠯᠥᠪᠯᠡᠵᠦ᠂ ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠳᠤᠮᠳᠠᠳᠤ ᠤᠯᠤᠰ ᠲᠤ ᠦᠷᠭᠦᠯᠵᠢᠯᠡᠨ ᠪᠡᠯᠡ ᠣᠷᠣᠭᠤᠯᠵᠤ᠂ ᠳᠤᠮᠳᠠᠳᠤ ᠤᠯᠤᠰ ᠲᠤ ᠭᠦᠨᠵᠡᠭᠡᠶᠢᠷᠡᠨ ᠬᠥᠭᠵᠢᠬᠦ ᠢᠲᠡᠭᠡᠯ ᠵᠣᠷᠢᠭ ᠢ ᠢᠯᠡᠷᠡᠭᠦᠯᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ