ᠮᠠᠨ ᠤ ᠣᠷᠣᠨ ᠡᠨᠧᠷᠭᠢ ᠶᠢᠨ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠧᠷᠭᠢ ᠶᠢᠨ ᠬᠦᠷᠢᠶᠡᠨ ᠤ 17 | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠣᠳᠣᠷᠬᠠᠶᠢᠯᠠᠨ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠣᠷᠣᠨ ᠡᠨᠧᠷᠭᠢ ᠶᠢᠨ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠳᠠᠮᠵᠢᠨ᠂ ᠠᠮᠢᠵᠢᠷᠠᠯ ᠤᠨ | ᠬᠦᠴᠦᠨ ᠢ ᠨᠠᠩ ᠪᠠᠳᠠᠷᠠᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠣᠨᠴᠠᠭᠠᠶᠢᠯᠠᠨ ᠰᠢᠨ᠎ᠡ ᠡᠨᠧᠷᠭᠢ ᠶᠢᠨ | ᠦᠷᠭᠦᠯᠵᠢᠯᠡᠨ ᠲᠦᠷᠭᠡᠨ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠬᠦᠴᠦᠲᠡᠢ ᠠᠬᠢᠭᠤᠯᠵᠤ ᠪᠠᠶᠢᠨ᠎ᠠ᠃ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ | ᠬᠠᠮᠲᠤᠷᠠᠯᠴᠠᠭᠠᠨ ᠤ ᠲᠣᠭᠲᠠᠴᠠ ᠶᠢ ᠰᠢᠨᠡᠴᠢᠯᠡᠵᠦ᠂ ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ | ᠶᠢᠨ ᠳᠠᠭᠠᠭᠤᠯᠤᠭᠴᠢ ᠠᠵᠤ ᠠᠬᠤᠶᠢᠯᠠᠯ ᠤᠨ ᠬᠠᠮᠲᠤᠷᠠᠯᠴᠠᠵᠤ ᠪᠡᠯᠡ ᠣᠷᠣᠭᠤᠯᠤᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠣᠳᠣᠬᠠᠨ ᠳᠤ | ᠤᠯᠤᠰ ᠤᠨ ᠳᠣᠲᠣᠭᠠᠳᠤ ᠶᠢᠨ ᠪᠣᠳᠠᠲᠤ ᠬᠦᠴᠦᠨ ᠲᠠᠢ ᠡᠨᠧᠷᠭᠢ ᠶᠢᠨ ᠠᠵᠤ ᠠᠬᠤᠶᠢᠯᠠᠯ ᠮᠠᠨ ᠤ ᠣᠷᠣᠨ ᠳᠤ ᠴᠥᠮ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ | ᠬᠢᠵᠦ ᠪᠤᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨ᠎ᠡ ᠶᠢ ᠡᠭᠦᠳᠬᠦ ᠴᠢᠨᠠᠷᠲᠠᠢ ᠪᠠᠷ ᠳᠤᠷᠠᠳᠤᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ | ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠪᠦᠭᠦ ᠬᠦᠴᠦᠨ ᠢᠶᠠᠷ ᠢᠶᠠᠨ | ᠨᠠᠶᠢᠳᠠᠪᠤᠷᠢᠵᠢᠭᠤᠯᠵᠤ᠂ ᠡᠨᠡ ᠵᠢᠯ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠰᠢᠨ᠎ᠡ ᠡᠨᠧᠷᠭᠢ ᠶᠢᠨ ᠲᠥᠷᠥᠯ ᠵᠦᠢᠯ ᠢ 2727 ᠲᠦᠮᠡᠨ ᠺᠢᠯᠣᠸᠠᠲ | ᠬᠡᠷᠡᠭᠵᠢᠭᠦᠯᠦᠨ᠂ 238 ᠲᠦᠮᠡᠨ ᠮᠦ ᠡᠯᠡᠰᠦ ᠶᠢ ᠵᠠᠰᠠᠬᠤ ᠶᠢ ᠪᠡᠶᠡᠯᠡᠭᠦᠯᠵᠦ᠂ ᠬᠥᠪᠴᠢ ᠶᠢᠨ ᠵᠠᠭᠪᠤᠷ᠂ ᠳ᠋ᠧᠩᠺᠧᠦ ᠶᠢᠨ ᠡᠯᠡᠰᠦ ᠶᠢ ᠵᠠᠰᠠᠬᠤ ᠵᠠᠭᠪᠤᠷ ᠢ ᠤᠯᠠᠮ | ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠠᠯᠢ ᠤᠯᠠᠨ ᠦᠷ᠎ᠡ | ᠪᠦᠲᠦᠮᠵᠢ ᠣᠯᠬᠤ ᠶᠢ ᠪᠡᠶᠡᠯᠡᠭᠦᠯᠵᠦ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠢ ᠨᠢᠭᠡ | ᠴᠣᠭᠴᠠᠵᠢᠭᠤᠯᠬᠤ ᠲᠠᠯ᠎ᠠ ᠪᠠᠷ ᠲᠣᠪᠣᠶᠢᠮ᠎ᠠ ᠠᠮᠵᠢᠯᠲᠠ ᠣᠯᠪᠠ᠃ | | |