ᠮᠠᠨ ᠤ ᠣᠷᠣᠨ ᠤ ᠠᠵᠤ ᠠᠬᠤᠶᠢᠯᠠᠯ ᠤᠨ ᠶᠡᠷᠦᠩᠬᠡᠢ ᠲᠤᠭ᠎ᠠ 70 ᠲᠦᠮᠡᠨ ᠡᠷᠦᠭᠡ ᠶᠢ ᠳᠠᠪᠠᠪᠠ
ᠨᠡᠶᠢᠲᠡᠯᠡᠭᠰᠡᠨ ᠴᠠᠭ᠄
2024/12/16
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ  ᠤᠨ 11 ᠰᠠᠷ᠎ᠠ ᠶᠢᠨ ᠰᠡᠭᠦᠯᠴᠢ ᠪᠤᠯᠲᠠᠯ᠎ᠠ ᠮᠠᠨ ᠤ ᠣᠷᠣᠨ ᠤ ᠠᠵᠤ ᠠᠬᠤᠶᠢᠯᠠᠯ ᠤᠨ  ᠶᠡᠷᠦᠩᠬᠡᠢ ᠲᠤᠭ᠎ᠠ  70.1 ᠲᠦᠮᠡᠨ ᠡᠷᠤᠭᠡ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.04% ᠪᠠᠷ ᠨᠡᠮᠡᠭᠳᠡᠪᠡ᠃ ᠡᠭᠦᠨ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ ᠵᠢᠴᠢ ᠲᠡᠭᠦᠨ ᠤ ᠰᠲ᠋ᠣᠺ ᠡᠵᠡᠮᠰᠢᠯ ᠤᠨ ᠠᠵᠤ ᠠᠬᠤᠶᠢᠯᠠᠯ 7.38 ᠲᠦᠮᠡᠨ ᠡᠷᠦᠭᠡ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 62.38 ᠲᠦᠮᠡᠨ ᠡᠷᠦᠭᠡ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 3376 ᠡᠷᠦᠭᠡ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.8%᠂ 6.85%᠂ 3.27% ᠪᠠᠷ ᠨᠡᠮᠡᠭᠳᠡᠪᠡ᠃      ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ 11 ᠰᠠᠷ᠎ᠠ ᠳᠤ  ᠮᠠᠨ ᠤ ᠣᠷᠣᠨ ᠳᠤ ᠨᠡᠶᠢᠲᠡ 9.73 ᠲᠦᠮᠡᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠪᠠ᠃ ᠡᠭᠦᠨ ᠳᠤ᠂ ᠰᠢᠨ᠎ᠡ ᠪᠠᠷ ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ ᠵᠢᠴᠢ ᠲᠡᠭᠦᠨ ᠤ ᠰᠲ᠋ᠣᠺ ᠡᠵᠡᠮᠰᠢᠯ ᠤᠨ ᠠᠵᠤ ᠠᠬᠤᠶᠢᠯᠠᠯ 0.96 ᠲᠦᠮᠡᠨ ᠡᠷᠦᠭᠡ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 8.75 ᠲᠦᠮᠡᠨ ᠡᠷᠦᠭᠡ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 206 ᠡᠷᠦᠭᠡ ᠪᠠᠶᠢᠨ᠎ᠠ᠃ ᠠᠵᠢᠯ ᠲᠥᠷᠥᠯ ᠤᠨ ᠪᠦᠲᠦᠴᠡ ᠠᠴᠠ ᠦᠵᠡᠪᠡᠯ᠂ ︽ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠪᠣᠷᠣᠯᠠᠭᠤᠯᠬᠤ ᠦᠢᠯᠡᠰ︾᠂ ︽ᠪᠠᠷᠢᠯᠭ᠎ᠠ ᠶᠢᠨ ᠦᠢᠯᠡᠰ︾᠂ ︽ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾ ᠪᠣᠯ ᠮᠠᠨ ᠤ ᠣᠷᠣᠨ ᠤ ᠠᠵᠤ ᠠᠬᠤᠶᠢᠯᠠᠯ ᠤᠨ ᠲᠤᠭ᠎ᠠ ᠬᠡᠮᠵᠢᠶᠡᠨ ᠤ ᠲᠠᠷᠬᠠᠯᠲᠠ ᠨᠡᠯᠢᠶᠡᠳ ᠲᠥᠪᠯᠡᠷᠡᠭᠰᠡᠨ ᠠᠵᠢᠯ ᠲᠥᠷᠥᠯ ᠪᠠᠶᠢᠵᠤ᠂ ᠲᠣᠰ ᠲᠣᠰ 32.48%᠂ 12.71%᠂ 10.82% ᠢ ᠡᠵᠡᠯᠡᠵᠦ ᠪᠠᠶᠢᠨ᠎ᠠ᠃ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ ᠲᠦᠮᠡᠨ ᠡᠷᠦᠭᠡ ᠠᠴᠠ ᠳᠡᠭᠡᠭᠰᠢᠬᠢ ᠠᠵᠢᠯ ᠲᠥᠷᠥᠯ ᠤᠨ ᠳᠣᠲᠣᠷ᠎ᠠ᠂ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾᠂ ︽ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾᠂ ︽ᠪᠠᠷᠢᠯᠭ᠎ᠠ ᠶᠢᠨ ᠦᠢᠯᠡᠰ︾᠂ ︽ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ  ᠤᠨ ᠦᠢᠯᠡᠴᠢᠯᠡᠭᠡᠨ ᠤ ᠦᠢᠯᠡᠰ︾᠂ ︽ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ︾  ᠤᠨ ᠨᠡᠮᠡᠭᠳᠡᠯ ᠤᠨ ᠬᠤᠷᠳᠤᠴᠠ  ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠨᠡᠯᠢᠶᠡᠳ ᠲᠦᠷᠭᠡᠨ ᠪᠠᠶᠢᠵᠤ᠂ ᠲᠣᠰ ᠲᠣᠰ 13.2%᠂ 12.5%᠂ 11.7%᠂ 8.07%᠂ 7.42%  ᠢᠶᠠᠷ ᠲᠦᠷᠭᠡᠳᠪᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ