ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 12 ᠰᠠᠷ᠎ᠠ ᠶᠢᠨ 13 ᠤ ᠡᠳᠦᠷ ᠤᠨ ᠨᠡᠶᠢᠲᠡᠯᠡᠭᠰᠡᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ | ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 800 ᠳ᠋ᠥᠡᠭᠰᠢᠭᠤᠷ ᠵᠢᠩ ᠤᠨ ᠶᠡᠭᠡ ᠪᠣᠭᠤᠮᠲᠠ ᠶᠢ ᠳᠠᠪᠠᠨ 820.1 ᠳ᠋ᠥᠡᠭᠰᠢᠭᠤᠷ | ᠵᠢᠩ ᠳᠤ ᠬᠦᠷᠴᠦ᠂ ᠨᠢᠳᠤᠨᠤᠨ ᠤ ᠬᠢ ᠠᠴᠠ 3.60% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠪᠠᠷ ᠪᠦᠭᠦ ᠤᠯᠤᠰ ᠤᠨ ᠭᠤᠷᠪᠠᠳᠤᠭᠠᠷ ᠲᠤ ᠣᠷᠣᠵᠤ᠂ ᠠᠮᠤ | ᠪᠤᠳᠠᠭᠠᠨ ᠤ ᠦᠢᠯᠡᠳᠪᠦᠷᠢᠯᠡᠯ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ ᠰᠢᠨ᠎ᠡ ᠳᠡᠭᠲᠡᠷ ᠲᠤ ᠭᠠᠷᠴᠠᠢ᠃ | ᠮᠠᠨ ᠤ ᠣᠷᠣᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠨ | ᠠᠳᠬᠤᠵᠤ᠂ ᠡᠨᠡ ᠵᠢᠯ 21 ᠳ᠋ᠥᠡᠭᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠢ ᠲᠣᠬᠢᠷᠠᠭᠤᠯᠤᠨ᠂ ᠠᠮᠤ ᠲᠤᠰᠤᠨ ᠤ ᠲᠠᠷᠢᠮᠠᠯ ᠤᠨ ᠮᠦ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠥᠷᠨᠢᠭᠦᠯᠵᠦ᠂ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠵᠢᠱᠢᠶ᠎ᠡ ᠦᠵᠡᠭᠦᠯᠭᠦ | ᠣᠷᠣᠨ ᠢ ᠨᠡᠶᠢᠲᠡ 1040 ᠲᠦᠮᠡᠨ ᠮᠦ ᠪᠠᠶᠢᠭᠤᠯᠵᠤ᠂ ᠳᠠᠩ ᠤᠯᠠᠷᠢᠯ ᠤᠨ ᠲᠤᠨ ᠤ ᠤᠨᠠᠯᠲᠠ ᠲᠠᠢ ᠠᠮᠤ ᠪᠤᠳᠠᠭᠠᠨ ᠤ ᠲᠠᠷᠢᠶᠠᠨ ᠭᠠᠵᠠᠷ ᠢ 850 ᠲᠦᠮᠡᠨ ᠮᠦ | ᠪᠦᠲᠦᠭᠡᠨ ᠪᠠᠶᠢᠭᠤᠯᠪᠠ᠃ ᠲᠠᠷᠢᠮᠠᠯ ᠤᠨ ᠦᠢᠯᠡᠰ ᠤᠨ 7 ᠬᠦᠷᠢᠶᠡᠨ ᠳᠤ ᠤᠯᠤᠰ ᠤᠨ ᠲᠠᠰ ᠤᠨ ᠠᠺᠠᠳᠧᠮᠢᠴᠢ ︵ᠲᠤᠰᠬᠠᠢ ᠮᠡᠷᠭᠡᠵᠢᠯᠲᠡᠨ︶ ᠶᠢᠨ ᠪᠦᠯᠭᠦᠮ ᠨᠡᠶᠢᠲᠡ | ᠲᠠᠢ ᠬᠠᠮᠲᠤᠷᠠᠯᠴᠠᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠪᠦᠭᠦ ᠵᠢᠯ ᠳᠤ 1000 ᠲᠦᠮᠡᠨ ᠮᠦ | ᠡᠷᠳᠡᠨᠢ ᠰᠢᠰᠢ ᠶᠢᠨ ᠲᠠᠷᠢᠶᠠᠨ ᠳᠤ ᠨᠢᠭᠲᠠ ᠲᠠᠷᠢᠵᠤ ᠨᠠᠷᠢᠯᠢᠭ ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠡᠷᠡᠭᠵᠢᠭᠦᠯᠵᠦ᠂ 400 ᠲᠦᠮᠡᠨ ᠮᠦ ᠰᠢᠷ᠎ᠠ | ᠪᠤᠷᠴᠠᠭ ᠤᠨ ᠲᠠᠷᠢᠶᠠᠨ ᠳᠤ ᠥᠨᠳᠥᠷ ᠳᠠᠯᠠᠩ ᠪᠣᠰᠬᠠᠨ ᠲᠠᠷᠢᠬᠤ ᠪᠠ ᠨᠢᠭᠲᠠ ᠲᠠᠷᠢᠵᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠵᠢᠭᠦᠯᠪᠡ᠃ | ᠪᠠᠰᠠ ᠤᠤᠯ ᠤᠨ ︽ᠴᠢᠬᠢ ᠦᠵᠡᠵᠦ ᠦᠷ᠎ᠡ ᠰᠣᠩᠭᠤᠬᠤ︾ 60 ᠲᠠᠪᠴᠠᠩ ᠤᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠡᠷᠦᠩᠬᠡᠶᠢᠯᠡᠭᠰᠡᠨ | ᠴᠢᠨᠠᠷᠲᠠᠢ 7 ᠣᠷᠣᠨ ᠪᠦᠰᠡ ᠶᠢᠨ ᠲᠠᠪᠴᠠᠩ ᠢ ᠭᠤᠣᠯᠳᠠᠯᠭ᠎ᠠ ᠲᠠᠢ ᠪᠠᠶᠢᠭᠤᠯᠵᠤ᠂ ᠲᠤᠬᠠᠢ ᠶᠢᠨ ᠭᠠᠵᠠᠷ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠲᠠᠷᠢᠮᠠᠯ | ᠢᠶᠠᠷ ᠭᠤᠣᠯᠳᠠᠭᠤᠯᠤᠭᠰᠠᠨ ᠣᠯᠠᠨ ᠵᠦᠢᠯ ᠤᠨ ᠲᠠᠷᠢᠮᠠᠯ ᠢ ᠶᠡᠷᠦᠩᠬᠡᠶᠢᠯᠡᠭᠰᠡᠨ ᠴᠢᠨᠠᠷᠲᠠᠢ ᠪᠠᠷ ᠳᠡᠯᠭᠡᠨ ᠦᠵᠡᠭᠦᠯᠵᠦ᠂ 2000 ᠭᠠᠷᠤᠢ ᠵᠦᠢᠯ ᠤᠨ ᠰᠠᠶᠢᠨ ᠲᠠᠷᠢᠶᠠᠨ | ᠦᠷ᠎ᠡ ᠶᠢ ᠲᠠᠨᠢᠯᠴᠠᠭᠤᠯᠤᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠪᠠ ᠨᠡᠷᠡᠨ ᠬᠤᠸᠠᠷ ᠵᠡᠷᠭᠡ 9 ᠵᠦᠢᠯ ᠤᠨ ᠭᠤᠣᠯ ᠪᠤᠯᠬᠤ ᠠᠮᠤ ᠪᠤᠳᠠᠭᠠᠨ ᠤ ᠲᠠᠷᠢᠮᠠᠯ | ᠪᠣᠯᠣᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠲᠠᠷᠢᠮᠠᠯ ᠢ ᠬᠠᠮᠤᠷᠴᠤ᠂ ᠪᠦᠭᠦ ᠣᠷᠣᠨ ᠤ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ 98% ᠶᠢ | ᠳᠠᠪᠠᠭᠰᠠᠨ ᠪᠠᠶᠢᠨ᠎ᠠ᠃ ᠪᠦᠷᠢᠳᠬᠡᠯ ᠢᠶᠠᠷ᠂ ᠡᠨᠡ ᠵᠢᠯ ᠪᠦᠭᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 10517.7 ᠲᠦᠮᠡᠨ ᠮᠦ ᠳᠤ ᠬᠦᠷᠴᠦ᠂ | ᠨᠢᠳᠤᠨᠤᠨ ᠤ ᠬᠢ ᠠᠴᠠ 0.39% ᠪᠠᠷ ᠨᠡᠮᠡᠭᠳᠡᠨ᠂ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠳᠤᠮᠳᠠᠴᠢ ᠤᠨᠠᠯᠲᠠ 780 ᠵᠢᠩ ᠳᠤ ᠬᠦᠷᠴᠦ᠂ ᠨᠢᠳᠤᠨᠤᠨ | ᠤ ᠬᠢ ᠠᠴᠠ 3.20% ᠢᠶᠠᠷ ᠨᠡᠮᠡᠭᠳᠡᠪᠡ᠃ | ᠮᠠᠨ ᠤ ᠣᠷᠣᠨ ᠮᠠᠰᠢᠨᠴᠢᠯᠠᠯᠲᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠴᠢᠩᠭᠠᠳᠬᠠᠨ᠂ ᠪᠦᠭᠦ ᠵᠢᠯ ᠳᠤ ᠥᠪᠡᠷᠲᠡᠭᠡᠨ | ᠵᠠᠰᠠᠬᠤ ᠣᠷᠣᠨ ᠠᠴᠠ 17 ᠳ᠋ᠦᠩᠰᠢᠭᠤᠷ ᠭᠠᠷᠤᠢ ᠲᠥᠭᠦᠷᠢᠭ ᠤᠨ ᠨᠥᠬᠦᠪᠦᠷᠢ ᠮᠥᠩᠭᠦ ᠲᠣᠬᠢᠷᠠᠭᠤᠯᠤᠨ ᠮᠠᠯᠴᠢᠨ ᠲᠠᠷᠢᠶᠠᠴᠢᠳ ᠤᠨ ᠲᠠᠷᠢᠶᠠᠯᠠᠩ ᠤᠨ ᠮᠠᠰᠢᠨ | ᠲᠥᠬᠦᠭᠡᠷᠦᠮᠵᠢ ᠪᠠᠨ ᠰᠢᠨᠡᠴᠢᠯᠡᠬᠦ ᠶᠢ ᠳᠡᠮᠵᠢᠵᠦ᠂ ᠲᠠᠷᠢᠶᠠᠯᠠᠩ ᠤᠨ ᠪᠦᠭᠦ ᠦᠢᠯᠡᠳᠪᠦᠷᠢᠯᠡᠯ ᠤᠨ ᠶᠠᠪᠤᠴᠠ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ | 90% ᠶᠢ ᠳᠠᠪᠠᠨ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ ᠪᠦᠭᠦ ᠣᠷᠣᠨ ᠤ 5 ᠬᠤᠰᠢᠭᠤ ᠰᠢᠶᠠᠨ᠂ 20 ᠰᠢᠶᠠᠩ ᠪᠠᠯᠭᠠᠰᠤ᠂ 100 | ᠭᠠᠴᠠᠭ᠎ᠠ ᠲᠣᠰᠬᠤᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠭᠦ ᠠᠵᠢᠯᠯᠠᠭ᠎ᠠ ᠥᠷᠨᠢᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠨᠢᠭᠡ | ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠬᠤ ᠲᠤᠰᠬᠠᠢ ᠬᠤᠷᠰᠢᠶ᠎ᠠ ᠶᠢ 2.8 ᠲᠦᠮᠡ᠂ ᠲᠡᠭᠡᠭᠡᠪᠦᠷᠢᠯᠡᠨ ᠪᠣᠷᠣᠯᠠᠭᠤᠯᠬᠤ ᠦᠢᠯᠡᠴᠢᠯᠡᠭᠡ ᠪᠠᠷ ᠭᠤᠣᠯ ᠪᠤᠯᠭᠠᠬᠰᠠᠨ | ᠲᠤᠰᠬᠠᠢ ᠬᠤᠷᠰᠢᠶ᠎ᠠ ᠶᠢ 3816᠂ ᠡᠳ᠋ᠰᠢᠭᠦᠯᠦᠨ ᠪᠤᠯᠪᠠᠰᠤᠷᠠᠭᠤᠯᠬᠤ ᠦᠢᠯᠡᠴᠢᠯᠡᠭᠡ ᠪᠠᠷ ᠭᠤᠣᠯ ᠪᠤᠯᠭᠠᠬᠰᠠᠨ ᠲᠤᠰᠬᠠᠢ ᠬᠤᠷᠰᠢᠶ᠎ᠠ ᠶᠢ 3009 ᠪᠣᠶᠢᠵᠢᠭᠤᠯᠵᠤ᠂ | ᠪᠦᠭᠦ ᠶᠠᠪᠤᠴᠠ ᠪᠠᠷ ᠨᠠᠶᠢᠳᠠᠨ ᠬᠠᠮᠢᠶᠠᠷᠤᠭᠤᠯᠤᠭᠰᠠᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ 3500 ᠲᠦᠮᠡᠨ ᠮᠦ ᠶᠢ ᠳᠠᠪᠠᠵᠤ᠂ ᠠᠮᠤ | ᠪᠤᠳᠠᠭᠠᠨ ᠤ ᠦᠢᠯᠡᠳᠪᠦᠷᠢᠯᠡᠯ ᠤᠨ ᠬᠥᠳᠡᠯᠭᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | | |