ᠣᠳᠣ ᠲᠠ ᠪᠦᠬᠦᠨ ᠳᠤ ︽ᠦᠨᠳᠦᠰᠦᠲᠡᠨ ᠤ ᠪᠦᠬᠦ᠋ᠢᠯᠡ ᠠᠰᠢᠭ ᠲᠤᠰᠠ ᠪᠠ ᠠᠯᠤᠰ ᠬᠡᠲᠦ ᠶᠢᠨ ᠬᠥᠭᠵᠢᠯᠲᠡ ᠠᠴᠠ ᠲᠠᠶᠢᠸᠠᠨ ᠤ ᠳᠠᠯᠠᠢ ᠶᠢᠨ ᠬᠤᠭᠤᠯᠠᠢ | ᠶᠢᠨ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ ᠲᠠᠯ᠎ᠠ ᠶᠢ ᠡᠵᠡᠮᠳᠡᠶ᠎ᠡ︾ ᠭᠡᠰᠡᠨ ᠲᠥᠪ ᠲᠧᠯᠸᠢᠰ ᠤᠨ ᠰᠢᠭᠤᠷᠬᠠᠢ ᠰᠢᠭᠦᠮᠵᠢ ᠶᠢ ᠬᠦᠷᠭᠡᠶ᠎ᠡ᠃ ᠰᠢᠭᠤᠷᠬᠠᠢ ᠰᠢᠭᠦᠮᠵᠢ | ᠳᠤ ᠲᠡᠮᠳᠡᠭᠯᠡᠬᠦ ᠳᠡᠭᠡᠨ᠂ ᠲᠠᠶᠢᠸᠠᠨ ᠤ ᠳᠠᠯᠠᠢ ᠶᠢᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠳᠤᠮ ᠤᠭᠰᠠᠭ᠎ᠠ ᠨᠢᠭᠡᠲᠡᠢ᠂ ᠬᠠᠮᠲᠤ ᠶᠢᠨ ᠰᠣᠶᠣᠯ | ᠲᠡᠦᠬᠡ ᠲᠠᠢ ᠪᠥᠭᠡᠳ ᠨᠡᠩ ᠴᠢᠬᠤᠯᠠ ᠨᠢ ᠪᠢᠳᠠ ᠦᠨᠳᠦᠰᠦᠲᠡᠨ ᠳᠡᠭᠡᠨ ᠬᠠᠮᠲᠤ ᠶᠢᠨ ᠬᠠᠷᠢᠭᠤᠴᠠᠯᠭ᠎ᠠ ᠲᠠᠢ᠂ ᠢᠷᠡᠭᠡᠳᠦᠢ ᠳᠤ ᠬᠠᠮᠲᠤ ᠶᠢᠨ ᠬᠦᠰᠡᠯ ᠡᠷᠡᠮᠡᠯᠵᠡᠯ ᠲᠠᠢ | ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ 4 ᠳ᠋ᠦ᠋ᠭᠡᠷ ᠰᠠᠷ᠎ᠠ ᠶᠢᠨ 10 ᠤ ᠦᠳᠡ ᠶᠢᠨ ᠬᠤᠶᠢᠨ᠎ᠠ | ᠪᠡᠭᠡᠵᠢᠩ ᠳᠤ ᠮᠠ ᠶᠢᠩ ᠵᠢᠦ ᠪᠣᠯᠣᠨ ᠲᠡᠭᠦᠨ ᠢ ᠳᠠᠭᠠᠯᠳᠤᠨ ᠬᠥᠮᠥᠰ ᠲᠠᠢ ᠠᠭᠤᠯᠵᠠᠬᠤ ᠦᠶ᠎ᠡ ᠳᠤᠮᠳᠠᠳᠤ ᠶᠢᠨ ᠦᠨᠳᠦᠰᠦᠲᠡᠨ ᠤ ᠪᠦᠬᠦ᠋ᠢᠯᠡ ᠠᠰᠢᠭ ᠲᠤᠰᠠ ᠪᠠ | ᠠᠯᠤᠰ ᠬᠡᠲᠦ ᠶᠢᠨ ᠬᠥᠭᠵᠢᠯᠲᠡ ᠠᠴᠠ ᠲᠠᠶᠢᠸᠠᠨ ᠤ ᠳᠠᠯᠠᠢ ᠶᠢᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ ᠲᠠᠯ᠎ᠠ ᠶᠢ ᠡᠵᠡᠮᠳᠡᠬᠦ ᠬᠡᠷᠡᠭᠲᠡᠢ ᠭᠡᠵᠦ | ᠴᠢᠬᠤᠯᠠᠴᠢᠯᠠᠵᠤ᠂ ᠲᠠᠶᠢᠸᠠᠨ ᠤ ᠳᠠᠯᠠᠢ ᠶᠢᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠨᠠᠶᠢᠷᠠᠮᠳᠠᠯ ᠢᠶᠠᠷ ᠬᠥᠭᠵᠢᠭᠦᠯᠬᠦ ᠶᠢᠨ ᠵᠠᠩᠭᠢᠯᠠᠭ᠎ᠠ ᠨᠢ ᠨᠢᠭᠡ ᠯᠡ | ᠳᠤᠮᠳᠠᠳᠤ ᠤᠯᠤᠰ ᠪᠠᠶᠢᠬᠤ ᠵᠠᠷᠴᠢᠮ ᠪᠣᠯᠣᠨ ︽92 ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠵᠤ᠂ ᠲᠠᠶᠢᠸᠠᠨ ᠤ ᠳᠠᠯᠠᠢ ᠶᠢᠨ | ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠰᠣᠯᠢᠯᠴᠠᠭ᠎ᠠ ᠢᠯᠠᠩᠭᠤᠶ᠎ᠠ ᠵᠠᠯᠠᠭᠤᠴᠤᠳ ᠤᠨ ᠰᠣᠯᠢᠯᠴᠠᠭ᠎ᠠ ᠶᠢ ᠨᠢᠭᠲᠠᠷᠠᠭᠤᠯᠤᠨ ᠭᠦᠨᠵᠡᠭᠡᠶᠢᠷᠡᠭᠦᠯᠬᠦ ᠳᠤ | ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠥᠭᠦᠯᠡᠯᠲᠡ ᠨᠢ ᠰᠢᠨ᠎ᠡ ᠴᠠᠭ | ᠦᠶ᠎ᠡ ᠳᠤ ᠲᠠᠶᠢᠸᠠᠨ ᠤ ᠠᠵᠢᠯ ᠢ ᠰᠠᠶᠢᠨ ᠬᠢᠬᠦ ᠳᠤ ᠦᠨᠳᠦᠰᠦᠨ ᠵᠢᠷᠤᠮᠯᠠᠯ ᠬᠠᠩᠭᠠᠭᠰᠠᠨ ᠪᠥᠭᠡᠳ ᠲᠠᠶᠢᠸᠠᠨ ᠤ ᠳᠠᠯᠠᠢ ᠶᠢᠨ ᠬᠤᠭᠤᠯᠠᠢ ᠶᠢᠨ ᠬᠤᠶᠠᠷ ᠲᠠᠯ᠎ᠠ ᠶᠢᠨ | ᠬᠠᠷᠢᠯᠴᠠᠭᠠᠨ ᠳᠤ ᠤᠷᠤᠭᠰᠢᠯᠠᠬᠤ ᠴᠢᠭᠯᠡᠯ ᠢ ᠵᠢᠭᠠᠵᠤ ᠥᠭᠭᠦᠭᠰᠡᠨ ᠪᠠᠶᠢᠨ᠎ᠠ ᠭᠡᠵᠡᠢ᠃ | | | |