ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠠᠷᠠᠳ ᠤᠨ ᠵᠢᠭᠡᠯᠡᠯᠭᠡ ᠶᠢᠨ ᠦᠢᠯᠡ ᠠᠵᠢᠯᠯᠠᠭ᠎ᠠ ᠤᠯᠠᠮ ᠠᠴᠠ ᠤᠯᠠᠮ ᠨᠡᠶᠢᠳᠡᠮ ᠪᠣᠯᠵᠤ᠂ | ᠠᠷᠠᠳ ᠤᠨ ᠬᠤᠭᠤᠷᠣᠨᠳᠣᠬᠢ ᠵᠢᠭᠡᠯᠡᠯᠭᠡ ᠨᠢ ᠵᠢᠭᠡᠯᠡᠯᠭᠡ ᠶᠢᠨ ᠬᠤᠶᠠᠷ ᠲᠠᠯ᠎ᠠ ᠶᠢᠨ ᠢᠲᠡᠭᠡᠮᠵᠢ ᠶᠢᠨ ᠬᠠᠷᠢᠴᠠᠭ᠎ᠠ ᠳᠤ ᠰᠠᠭᠤᠷᠢᠯᠠᠵᠤ ᠶᠠᠪᠤᠭᠳᠠᠳᠠᠭ᠂ ᠬᠠᠷᠢᠨ | ᠪᠠᠲᠤᠯᠠᠭᠴᠢ ᠨᠢ ᠡᠶᠢᠮᠦᠷᠬᠦᠦ ᠢᠲᠡᠭᠡᠮᠵᠢ ᠶᠢᠨ ᠬᠠᠷᠢᠴᠠᠭᠠᠨ ᠤ ᠬᠥᠭᠦᠷᠭᠡ ᠪᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠰᠢᠭᠦᠬᠦ ᠬᠤᠷᠢᠶ᠎ᠠ ᠠᠷᠠᠳ ᠤᠨ | ᠵᠢᠭᠡᠯᠡᠯᠭᠡ ᠶᠢᠨ ᠬᠡᠷᠡᠭ ᠢ ᠵᠢᠯ ᠳᠠᠷᠠᠭᠠᠯᠠᠨ ᠬᠦᠯᠢᠶᠡᠨ ᠠᠪᠴᠤ ᠰᠢᠢᠳᠪᠦᠷᠢᠯᠡᠨ᠂ ᠦᠨᠡᠨ ᠳᠡᠭᠡᠨ ᠦᠵᠡᠬᠦ ᠳᠤ ᠨᠥᠬᠦᠷᠰᠡᠭ ᠠᠷᠠᠳ ᠤᠨ ᠵᠢᠭᠡᠯᠡᠯᠭᠡ ᠶᠢᠨ ᠦᠢᠯᠡ | ᠠᠵᠢᠯᠯᠠᠭ᠎ᠠ ᠳᠤ ᠮᠠᠰᠢ ᠶᠡᠭᠡ ᠠᠶᠤᠯ ᠲᠦᠭᠰᠢᠭᠦᠷᠢ ᠣᠷᠣᠰᠢᠵᠤ ᠪᠠᠶᠢᠬᠤ ᠪᠥᠭᠡᠳ ᠡᠳᠡᠭᠡᠷ ᠠᠶᠤᠯ ᠲᠦᠭᠰᠢᠭᠦᠷᠢ ᠶᠢ ᠠᠮᠠᠷᠬᠠᠨ ᠣᠮᠲᠣᠭᠠᠶᠢᠷᠠᠬᠤ ᠶᠤᠮ᠃ ᠡᠶᠢᠮᠦ ᠠᠴᠠ᠂ | ᠵᠢᠭᠡᠯᠡᠭᠦᠯᠦᠭᠴᠢ᠂ ᠮᠥᠩᠭᠦ ᠵᠢᠭᠡᠯᠡᠭᠴᠢ ᠭᠡᠰᠡᠨ ᠦᠭᠡᠢ ᠪᠦᠷ ᠨᠢᠳᠦ ᠪᠠᠨ ᠠᠷᠴᠢᠵᠤ ᠪᠣᠯᠭᠤᠮᠵᠢᠲᠠᠢ ᠬᠠᠨᠳᠤᠬᠤ ᠬᠡᠷᠡᠭᠲᠡᠢ᠃ ᠸᠠᠩ ᠣᠪᠣᠭᠲᠤ ᠪᠣᠯᠣᠨ ᠯᠢ ᠣᠪᠣᠭᠲᠤ ᠪᠣᠯ | ᠣᠯᠠᠨ ᠵᠢᠯ ᠤᠨ ᠰᠠᠶᠢᠨ ᠨᠠᠶᠢᠵᠠ᠂ ᠯᠢ ᠣᠪᠣᠭᠲᠤ ᠠᠷᠠᠯᠵᠢᠶ᠎ᠠ ᠮᠠᠶᠢᠮᠠᠢ ᠬᠢᠭᠰᠡᠨ ᠠᠴᠠ ᠭᠤᠣ ᠣᠪᠣᠭᠲᠤ ᠠᠴᠠ 10 ᠲᠦᠮᠡᠨ ᠲᠥᠭᠦᠷᠢᠭ ᠵᠣᠭᠤᠰ ᠵᠢᠭᠡᠯᠡᠪᠡ᠃ | ᠵᠢᠭᠡᠯᠡᠭᠦᠯᠦᠭᠰᠡᠨ ᠵᠢᠭᠡᠯᠡᠯᠭᠡ ᠶᠢᠨ ᠢᠲᠡᠭᠡᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠲᠥᠯᠥᠭᠡ ᠯᠢ ᠣᠪᠣᠭᠲᠤ ᠸᠠᠩ ᠣᠪᠣᠭᠲᠤ ᠳᠤ ᠪᠠᠲᠤᠯᠠᠭ᠎ᠠ ᠣᠯᠭᠤᠬᠤ ᠪᠠᠷ | ᠭᠤᠶᠤᠴᠢᠯᠠᠪᠠ᠃ ᠸᠠᠩ ᠣᠪᠣᠭᠲᠤ ᠬᠤᠶᠠᠷ ᠲᠠᠯ᠎ᠠ ᠶᠢᠨ ᠬᠠᠷᠢᠴᠠᠭ᠎ᠠ ᠳᠣᠲᠣᠨᠣ ᠪᠠᠶᠢᠬᠤ ᠶᠢ ᠪᠣᠳᠣᠯᠬᠢᠯᠠᠭᠠᠳ ᠯᠢ ᠣᠪᠣᠭᠲᠤ ᠶᠡᠷᠦ ᠨᠢ ᠢᠲᠡᠭᠡᠮᠵᠢ ᠰᠠᠶᠢᠨ ᠪᠠᠶᠢᠭᠰᠠᠨ | ᠪᠣᠯᠬᠤᠷ ᠥᠴᠥᠬᠡᠨ ᠴᠦ ᠲᠠᠲᠠᠭᠠᠯᠵᠠᠯ ᠦᠭᠡᠢ ᠵᠥᠪᠰᠢᠶᠡᠷᠡᠪᠡ᠃ ᠭᠡᠲᠡᠯ᠎ᠡ᠂ ᠬᠡᠷᠡᠭ ᠶᠠᠪᠤᠳᠠᠯ ᠨᠢ ᠸᠠᠩ ᠣᠪᠣᠭᠲᠤ ᠶᠢᠨ ᠵᠢᠱᠢᠭᠰᠡᠨ ᠰᠢᠭ ᠢᠶᠠᠷ ᠤᠷᠤᠭᠰᠢᠲᠠᠢ ᠦᠭᠡᠢ᠃ | ᠯᠢ ᠣᠪᠣᠭᠲᠠᠨ ᠡᠵᠡᠩᠨᠡᠯᠲᠡ ᠮᠠᠭᠤ ᠠᠴᠠ ᠪᠣᠯᠵᠤ ᠵᠣᠭᠤᠰ ᠢᠶᠠᠨ ᠪᠤᠴᠠᠭᠠᠵᠤ ᠳᠡᠶᠢᠯᠬᠦ ᠦᠭᠡᠢ ᠪᠣᠯᠵᠠᠢ᠃ ᠠᠪᠴᠠᠬᠠᠲᠠᠨ ᠭᠤᠤ ᠣᠪᠣᠭᠲᠤ ᠣᠯᠠᠨ ᠤᠳᠠᠭ᠎ᠠ ᠰᠢᠪᠠᠳᠠᠨ | ᠠᠪᠴᠤ ᠳᠡᠶᠢᠯᠦᠭᠰᠡᠨ ᠦᠭᠡᠢ ᠯᠢ ᠣᠪᠣᠭᠲᠤ ᠪᠣᠯᠣᠨ ᠸᠠᠩ ᠣᠪᠣᠭᠲᠤ ᠶᠢ ᠰᠢᠭᠦᠬᠦ ᠬᠤᠷᠢᠶᠠᠨ ᠳᠤ ᠵᠠᠭᠠᠯᠳᠤᠪᠠ᠃ ᠬᠡᠷᠡᠭ ᠢ ᠰᠢᠭᠦᠨ ᠰᠢᠢᠳᠪᠦᠷᠢᠯᠡᠬᠦ ᠶᠠᠪᠤᠴᠠ ᠳᠤ | ᠬᠠᠤᠯᠢ ᠶᠢᠨ ᠲᠤᠰᠢᠶᠠᠯᠲᠠᠨ ᠲᠤᠬᠠᠢ ᠶᠢᠨ ᠬᠥᠮᠥᠨ ᠤ ᠲᠤᠰᠢᠶᠠᠭᠰᠠᠨ ᠵᠢᠭᠡᠯᠡᠭᠰᠡᠨ ᠵᠦᠢᠯ ᠵᠡᠷᠭᠡ ᠭᠡᠷᠡᠴᠢ ᠪᠠᠷᠢᠮᠲᠠ ᠶᠢᠨ ᠮᠠᠲ᠋ᠧᠷᠢᠶᠠᠯ ᠵᠢᠴᠢ ᠲᠤᠬᠠᠢ ᠶᠢᠨ ᠬᠥᠮᠥᠨ ᠤ | ᠲᠣᠭᠠᠴᠢᠯᠲᠠ ᠶᠢ ᠦᠨᠳᠦᠰᠦᠯᠡᠨ᠂ ᠬᠠᠤᠯᠢ ᠳᠤ ᠨᠡᠶᠢᠴᠡᠭᠰᠡᠨ ᠵᠢᠭᠡᠯᠡᠯᠭᠡ ᠶᠢᠨ ᠬᠠᠷᠢᠴᠠᠭ᠎ᠠ ᠶᠢ ᠬᠠᠤᠯᠢ ᠪᠠᠷ ᠬᠠᠮᠠᠭᠠᠯᠠᠨ᠎ᠠ᠃ ᠳᠠᠭᠠᠭᠠᠯᠲᠠ ᠶᠢᠨ ᠬᠠᠷᠢᠭᠤᠴᠠᠯᠭ᠎ᠠ ᠶᠢᠨ | ᠲᠤᠬᠠᠢ᠂ ᠵᠠᠭᠠᠯᠳᠤᠭᠳᠠᠭᠴᠢ ᠯᠢ ᠣᠪᠣᠭᠲᠤ ᠥᠭᠴᠡᠭᠡ ᠪᠠᠨ ᠲᠥᠯᠥᠵᠦ ᠳᠠᠭᠤᠰᠬᠠᠬᠤ ᠬᠡᠷᠡᠭᠲᠡᠢ᠂ ᠵᠠᠭᠠᠯᠳᠤᠭᠳᠠᠭᠴᠢ ᠸᠠᠩ ᠣᠪᠣᠭᠲᠤ ᠪᠠᠲᠤᠯᠠᠨ ᠳᠠᠭᠠᠭᠠᠭᠴᠢ ᠪᠣᠯᠵᠤ᠂ | ᠵᠣᠭᠤᠰ ᠵᠢᠭᠡᠯᠡᠬᠦ ᠪᠠᠲᠤᠯᠠᠭ᠎ᠠ ᠶᠢᠨ ᠠᠷᠭ᠎ᠠ ᠮᠠᠶ᠋ᠢᠭ ᠢᠶᠠᠨ ᠪᠣᠯᠵᠣᠨ ᠲᠣᠭᠲᠠᠭᠰᠠᠨ ᠦᠭᠡᠢ ᠮᠥᠷᠲᠡᠭᠡᠨ ᠯᠢ ᠣᠪᠣᠭᠲᠤ ᠵᠠᠭᠠᠯᠳᠤᠭᠴᠢ ᠠᠴᠠ ᠵᠣᠭᠤᠰ ᠵᠢᠭᠡᠯᠡᠬᠦ | ᠦᠶ᠎ᠡ ᠳᠤ ᠵᠣᠭᠤᠰ ᠢᠶᠠᠨ ᠪᠤᠴᠠᠭᠠᠬᠤ ᠴᠠᠭ ᠢᠶᠠᠨ ᠪᠣᠯᠵᠣᠨ ᠲᠣᠭᠲᠠᠭᠰᠠᠨ ᠦᠭᠡᠢ᠂ ᠡᠶᠢᠮᠦ ᠠᠴᠠ ᠵᠠᠭᠠᠯᠳᠤᠭᠳᠠᠭᠴᠢ ᠸᠠᠩ ᠣᠪᠣᠭᠲᠤ ᠶᠢᠨ ᠳᠠᠭᠠᠭᠠᠯᠲᠠ ᠶᠢᠨ | ᠬᠠᠷᠢᠭᠤᠴᠠᠯᠭ᠎ᠠ ᠪᠠᠲᠤᠯᠠᠬᠤ ᠬᠤᠭᠤᠴᠠᠭᠠᠨ ᠳᠤ᠂ ᠡᠩ ᠤᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠂ ᠲᠤᠬᠠᠶᠢᠯᠠᠪᠠᠯ ᠵᠠᠭᠠᠯᠳᠤᠭᠳᠠᠭᠴᠢ ᠸᠠᠩ | ᠣᠪᠣᠭᠲᠤ ᠶᠢᠨ ᠡᠳ᠋ ᠬᠥᠷᠥᠩᠭᠡ ᠶᠢ ᠬᠠᠤᠯᠢ ᠶᠣᠰᠣᠭᠠᠷ ᠠᠯᠪᠠᠳᠠᠨ ᠭᠦᠢᠴᠡᠳᠬᠡᠭᠰᠡᠨ ᠤ ᠳᠠᠷᠠᠭ᠎ᠠ ᠮᠥᠨᠬᠦ ᠭᠦᠢᠴᠡᠳᠬᠡᠵᠦ ᠳᠡᠶᠢᠯᠬᠦ ᠦᠭᠡᠢ ᠬᠡᠰᠡᠭ ᠲᠤ ᠪᠠᠲᠤᠯᠠᠬᠤ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | |