ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠮᠲᠤ ᠶᠢᠨ ᠨᠥᠬᠦᠪᠦᠷᠢ ᠶᠢᠨ ᠠᠵᠢᠯ ᠢ ᠶᠡᠭᠡ ᠪᠠᠷ ᠬᠡᠷᠡᠭᠵᠢᠭᠦᠯᠵᠦ᠂ ᠣᠯᠠᠨ ᠲᠦᠮᠡᠨ ᠳᠤ ᠪᠣᠳᠠᠲᠠᠢ ᠠᠰᠢᠭ ᠬᠦᠷᠲᠡᠭᠡᠪᠡ᠃ ᠣᠳᠣᠬᠠᠨ ᠪᠤᠯᠲᠠᠯ᠎ᠠ᠂ | ᠪᠦᠭᠦ ᠣᠷᠣᠨ ᠤ 23 ᠬᠤᠰᠢᠭᠤ ᠰᠢᠶᠠᠨ ᠬᠤᠲᠠ ᠲᠣᠭᠤᠷᠢᠭ ᠤᠨ 105 ᠭᠠᠴᠠᠭ᠎ᠠ ᠲᠣᠰᠬᠤᠨ ᠳᠤ ᠬᠠᠮᠲᠤ ᠶᠢᠨ ᠨᠥᠬᠦᠪᠦᠷᠢ ᠶᠢᠨ ᠠᠵᠢᠯ ᠢ ᠥᠷᠨᠢᠭᠦᠯᠵᠦ᠂ | ᠬᠠᠮᠲᠤ ᠶᠢᠨ ᠨᠥᠬᠦᠪᠦᠷᠢ ᠭᠥᠷᠳᠡᠭᠰᠡᠨ ᠬᠥᠮᠥᠨ ᠤ ᠲᠤᠭ᠎ᠠ 3139 ᠳᠤ ᠬᠦᠷᠴᠦ᠂ ᠨᠥᠬᠦᠪᠦᠷᠢ ᠶᠢᠨ ᠵᠣᠭᠤᠰ ᠤᠨ ᠲᠤᠭ᠎ᠠ 31.46 ᠲᠦᠮᠡᠨ ᠲᠥᠭᠦᠷᠢᠭ ᠲᠤ | ᠬᠦᠷᠴᠡᠢ᠃ | ᠣᠶᠢᠯᠠᠭᠠᠭᠰᠠᠨ ᠢᠶᠠᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢᠨ ᠠᠵᠢᠯ ᠢ ᠠᠬᠢᠭᠤᠯᠬᠤ ᠶᠢ | ᠠᠷᠠᠳ ᠣᠯᠠᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠪᠦᠭᠦ ᠣᠷᠣᠨ ᠤ ᠡᠯ᠎ᠡ ᠠᠶᠢᠮᠠᠭ ᠬᠤᠲᠠ ᠶᠢ | ︽ᠴᠢᠳᠠᠯ ᠤᠨ ᠢᠶᠠᠨ ᠬᠢᠷᠢ ᠪᠠᠷ ᠬᠢᠭᠰᠡᠨ︾ ᠰᠠᠭᠤᠷᠢᠨ ᠳᠡᠭᠡᠷ᠎ᠡ᠂ ᠨᠢᠭᠡ ᠬᠤᠰᠢᠭᠤ ᠰᠢᠶᠠᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠰᠣᠩᠭᠤᠵᠤ ᠬᠠᠮᠲᠤ ᠶᠢᠨ | ᠨᠥᠬᠦᠪᠦᠷᠢ ᠶᠢᠨ ᠠᠵᠢᠯ ᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ᠂ ᠣᠷᠳᠣᠰ ᠬᠤᠲᠠ ᠶᠢᠨ ᠭᠠᠭᠴᠠ ᠤᠳᠠᠭ᠎ᠠ ᠶᠢᠨ ᠨᠥᠬᠦᠪᠦᠷᠢ ᠮᠥᠩᠭᠦ ᠶᠢᠨ ᠲᠤᠭ᠎ᠠ | ᠨᠢ ᠬᠠᠮᠤᠭ ᠤᠨ ᠥᠨᠳᠥᠷ ᠲᠡᠭᠡᠨ 500 ᠲᠥᠭᠦᠷᠢᠭ ᠪᠠᠶᠢᠵᠤ᠂ ᠦᠬᠠᠢ ᠬᠤᠲᠠ ᠪᠤᠶ ᠪᠦᠬᠦᠢ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠪᠦᠷᠢᠨ | ᠪᠦᠷᠬᠦᠭᠦᠯᠵᠦ᠂ ᠪᠤᠭᠤᠲᠤ ᠬᠤᠲᠠ ᠶᠢᠨ ᠬᠠᠮᠲᠤ ᠶᠢᠨ ᠨᠥᠬᠦᠪᠦᠷᠢ ᠨᠢ 60 ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠬᠠᠮᠤᠷᠴᠤ᠂ ᠰᠢᠯᠢ ᠶᠢᠨ | ᠭᠤᠣᠯ ᠠᠶᠢᠮᠠᠭ ᠨᠢ ᠬᠠᠮᠲᠤ ᠶᠢᠨ ᠨᠥᠬᠦᠪᠦᠷᠢ ᠢᠯᠡᠭᠦᠦ ᠲᠤᠰᠢᠶᠠᠪᠠᠯ ᠢᠯᠡᠭᠦᠦ ᠣᠯᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠪᠠ᠃ | ᠮᠠᠨ ᠤ ᠣᠷᠣᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠪᠠ | ᠨᠡᠶᠢᠭᠡᠮ ᠤᠨ ᠡᠳ᠋ ᠮᠥᠩᠭᠦ ᠪᠠᠷ ᠲᠤᠰᠠᠯᠠᠬᠤ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠶᠠᠪᠤᠴᠠ᠂ ᠮᠡᠳᠡᠭᠡ ᠵᠠᠩᠭᠢ ᠶᠢᠨ ᠰᠢᠰᠲ᠋ᠧᠮ ᠤᠨ ᠥᠭᠡᠷᠡᠴᠢᠯᠡᠯᠲᠡ᠂ | ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ᠂ ᠱᠠᠯᠠᠪᠳᠠᠭᠤᠯᠤᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠢᠷᠤᠮᠵᠢᠭᠤᠯᠬᠤ ᠪᠠᠷ | ᠳᠠᠮᠵᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢᠨ ᠠᠵᠢᠯ ᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠪᠠ᠃ ︽ᠬᠠᠮᠲᠤ ᠶᠢᠨ ᠨᠥᠬᠦᠪᠦᠷᠢ ᠨᠢ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠪᠠᠷ ᠳᠠᠮᠵᠢᠨ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ ᠲᠤᠰᠢᠶᠠᠬᠤ ᠳᠤ ᠨᠥᠬᠦᠪᠦᠷᠢ ᠥᠭᠴᠦ᠂ ᠣᠯᠠᠨ ᠲᠦᠮᠡᠨ ᠤ | ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ ᠶᠤᠮ᠃ ᠣᠳᠣᠬᠠᠨ ᠳᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠲᠤ ᠶᠢᠨ ᠨᠥᠬᠦᠪᠦᠷᠢ ᠶᠢ ᠨᠢᠭᠡᠨᠲᠡ ᠪᠦᠭᠦ ᠣᠷᠣᠨ ᠳᠤ ᠬᠡᠷᠡᠭᠵᠢᠭᠦᠯᠵᠦ᠂ ᠡᠨᠡ ᠬᠦ | ᠲᠥᠷᠥ ᠶᠢᠨ ᠪᠣᠳᠣᠯᠭ᠎ᠠ ᠨᠢ ᠣᠯᠠᠨ ᠲᠦᠮᠡᠨ ᠤ ᠬᠠᠷᠠᠭᠠᠯᠵᠠᠯ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠲᠦᠮᠡᠨ ᠤ | ᠳᠠᠭᠠᠳᠬᠠᠯ ᠳᠤ ᠣᠷᠤᠯᠴᠠᠬᠤ ᠢᠳᠡᠪᠬᠢᠵᠢᠯ ᠢ ᠳᠡᠭᠡᠭᠰᠢᠯᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠬᠡᠯᠡᠨ᠎ᠡ᠃ | | |