ᠮᠠᠨ ᠤ ᠣᠷᠣᠨ 2023 ᠣᠨ ᠤ ᠰᠡᠭᠦᠯᠴᠢ ᠪᠠᠷ ᠲᠥᠪ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢ 11.09 ᠳ᠋ᠦᠡᠭᠰᠢᠭᠤᠷ ᠲᠥᠭᠦᠷᠢᠭ | ᠤᠷᠢᠳᠴᠢᠯᠠᠨ ᠪᠠᠭᠤᠯᠭᠠᠵᠤ᠂ ᠮᠠᠯᠴᠢᠨ ᠲᠠᠷᠢᠶᠠᠴᠢᠨ ᠪᠣᠯᠣᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠰᠢᠨ᠎ᠡ ᠮᠠᠰᠢᠨ | ᠲᠥᠬᠦᠭᠡᠷᠦᠮᠵᠢ ᠬᠤᠳᠠᠯᠳᠤᠨ ᠠᠪᠬᠤ ᠶᠢ ᠳᠡᠮᠵᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠤᠳᠤ ᠪᠦᠭᠦ | ᠣᠷᠣᠨ ᠤ ᠬᠡᠷᠡᠭᠯᠡᠵᠦ ᠪᠠᠶᠢᠭ᠎ᠠ ᠥᠨᠳᠥᠷ ᠴᠢᠳᠠᠪᠬᠢᠲᠤ ᠦᠷ᠎ᠡ ᠰᠠᠴᠤᠬᠤ ᠮᠠᠰᠢᠨ 8.6 ᠲᠦᠮᠡ ᠶᠢ ᠳᠠᠪᠠᠵᠤ᠂︽ᠳᠣᠬᠢᠭᠤᠷ ᠲᠤᠯᠤᠭᠠᠨ ᠣᠲᠣ︾ᠨᠡᠷᠡᠮᠵᠢᠲᠦ | ᠵᠠᠮᠴᠢᠯᠠᠭ᠎ᠠ ᠶᠢᠨ ᠬᠠᠪᠰᠤᠷᠤᠨ ᠵᠢᠯᠤᠭᠤᠳᠬᠤ ᠰᠢᠰᠲ᠋ᠧᠮ ᠢ 3.2 ᠲᠦᠮᠡ ᠬᠡᠷᠡᠭᠯᠡᠨ᠂ ᠪᠦᠭᠦ ᠵᠢᠯ ᠤᠨ ᠬᠡᠷᠡᠭᠯᠡᠭᠡᠨ ᠤ ᠲᠠᠯᠠᠪᠠᠶ ᠨᠢ 3100 ᠲᠦᠮᠡᠨ ᠮᠦ ᠶᠢ ᠳᠠᠪᠠᠪᠠ᠃ | | ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠦᠦ ᠯᠦᠩ ᠱᠠᠨ ᠪᠠᠯᠭᠠᠰᠤ ᠶᠢᠨ ᠪᠠᠷᠠᠭᠤᠨ ᠪᠤᠯᠤᠩ ᠤᠨ ᠵᠣ ᠭᠠᠴᠠᠭᠠᠨ ᠤ | ᠲᠠᠷᠢᠶᠠᠨ ᠭᠠᠵᠠᠷ ᠲᠤ ᠡᠷᠳᠡᠨᠢ ᠰᠢᠰᠢ ᠶᠢ ᠮᠥᠯᠢᠵᠦ ᠬᠤᠷᠢᠶᠠᠬᠤ 3 ᠲᠣᠮᠣ ᠮᠠᠰᠢᠨ ᠶᠠᠭᠠᠷᠠᠯᠲᠠᠢ ᠠᠵᠢᠯᠯᠠᠵᠤ᠂ ᠲᠤᠰ ᠭᠠᠴᠠᠭᠠᠨ ᠤ ᠡᠨᠡ ᠵᠢᠯ ᠤᠨ ᠨᠠᠮᠤᠷ ᠤᠨ | ᠬᠤᠷᠢᠶᠠᠯᠲᠠ ᠶᠢᠨ ᠨᠢᠭᠡᠨ ᠰᠣᠳᠣᠨ ᠦᠵᠡᠮᠵᠢ ᠪᠣᠯᠪᠠ᠃ ᠡᠨᠡ ᠵᠢᠯ ᠪᠦᠦ ᠯᠦᠩ ᠱᠠᠨ ᠪᠠᠯᠭᠠᠰᠤ ᠡᠷᠳᠡᠨᠢ ᠰᠢᠰᠢ ᠶᠢ ᠰᠢᠭᠤᠳ ᠮᠥᠯᠢᠵᠦ ᠬᠤᠷᠢᠶᠠᠬᠤ ᠮᠠᠰᠢᠨ ᠢ | ᠬᠡᠷᠡᠭᠯᠡᠵᠦ᠂ ᠬᠠᠳᠤᠵᠤ ᠬᠤᠷᠢᠶᠠᠬᠤ ᠨᠠᠷᠢᠯᠢᠭ ᠣᠨᠣᠪᠴᠢ ᠶᠢᠨ ᠨᠣᠷᠮ᠎ᠠ ᠶᠢ 100% ᠳᠤ ᠳᠥᠬᠦᠭᠦᠯᠬᠦ ᠶᠢᠨ ᠬᠠᠮᠲᠤ ᠮᠦ ᠨᠢᠭᠡᠴᠢ ᠶᠢᠨ ᠬᠥᠮᠥᠨ ᠤ ᠬᠦᠴᠦᠨ ᠤ | ᠥᠪᠡᠷ ᠤᠨ ᠥᠷᠲᠡᠭ ᠢ 70 ᠰᠢᠬᠠᠮ ᠲᠥᠭᠦᠷᠢᠭ ᠠᠷᠪᠢᠯᠠᠵᠤ᠂ ᠲᠠᠷᠢᠶ᠎ᠠ ᠬᠤᠷᠢᠶᠠᠬᠤ ᠬᠤᠭᠤᠴᠠᠭ᠎ᠠ ᠶᠢ ᠥᠩᠭᠡᠷᠡᠭᠰᠡᠨ ᠤ 15 ᠡᠳᠦᠷ ᠠᠴᠠ ᠨᠢᠭᠡ ᠭᠠᠷᠠᠭ ᠣᠷᠴᠢᠮ | ᠪᠣᠯᠭᠠᠨ ᠪᠣᠭᠤᠨᠢᠰᠬᠠᠵᠠᠢ᠃ ᠡᠨᠡ ᠵᠢᠯ ᠤᠨ ᠨᠠᠮᠤᠷ ᠤᠨ ᠬᠤᠷᠢᠶᠠᠯᠲᠠ ᠶᠢᠨ ᠶᠠᠪᠤᠴᠠ ᠳᠤ ᠪᠦᠭᠦ ᠣᠷᠣᠨ ᠤ ᠡᠯ᠎ᠡ ᠭᠠᠵᠠᠷ ᠤᠨ ᠬᠢᠨ ᠮᠠᠰᠢᠨ ᠢᠶᠠᠷ ᠬᠠᠳᠤᠵᠤ | ᠬᠤᠷᠢᠶᠠᠬᠤ ᠡᠷᠴᠢᠮ ᠢ ᠴᠢᠩᠭᠠᠷᠠᠭᠤᠯᠬᠤ ᠶᠢᠨ ᠳᠠᠭᠠᠤ ᠮᠠᠰᠢᠨ ᠢᠶᠠᠷ ᠬᠠᠳᠤᠵᠤ ᠬᠤᠷᠢᠶᠠᠬᠤ ᠶᠠᠪᠤᠴᠠ ᠳᠠᠬᠢ ᠠᠮᠤ ᠪᠤᠳᠠᠭᠠᠨ ᠤ ᠰᠦᠢᠳᠦᠯ ᠢ ᠪᠠᠭᠠᠰᠬᠠᠨ ᠮᠥᠬᠦᠯᠢᠭ | ᠠᠮᠤ ᠪᠦᠷᠢ ᠶᠢ ᠬᠥᠮᠥᠷᠭᠡ ᠳᠤ ᠣᠷᠣᠭᠤᠯᠬᠤ ᠪᠠᠷ ᠬᠦᠴᠦᠯᠡᠨ ᠴᠢᠷᠮᠠᠶᠢᠪᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ | ᠢᠷᠡᠬᠦ 3 ᠵᠢᠯ ᠤᠨ ᠳᠣᠲᠣᠷ᠎ᠠ ᠮᠠᠨ ᠤ ᠣᠷᠣᠨ ᠲᠠᠷᠢᠶᠠᠯᠠᠩ ᠦᠢᠯᠡᠳᠪᠦᠷᠢᠯᠡᠯ ᠤᠨ ᠮᠠᠰᠢᠨ ᠲᠣᠨᠣᠭᠯᠠᠯ ᠤᠨ ᠣᠶᠤᠨᠴᠢᠯᠠᠯᠲᠠ ᠶᠢ ᠪᠡᠶᠡᠯᠡᠭᠦᠯᠵᠦ᠂ ᠨᠠᠷᠢᠯᠢᠭ ᠣᠨᠣᠪᠴᠢ | ᠶᠢᠨ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠶᠢᠨ ᠬᠠᠮᠲᠤ᠂ ᠲᠠᠷᠢᠶ᠎ᠠ ᠲᠥᠮᠥᠰᠥ ᠶᠢ ᠦᠯᠦ ᠭᠡᠭᠡᠭᠳᠡᠭᠦᠯᠵᠦ ᠠᠮᠤ ᠪᠤᠳᠠᠭ᠎ᠠ ᠶᠢ ᠦᠯᠦ ᠭᠤᠭᠤᠵᠢᠭᠤᠯᠬᠤ | ᠴᠢᠨᠠᠷ ᠰᠠᠶᠢᠲᠠᠢ ᠬᠠᠳᠤᠵᠤ ᠬᠤᠷᠢᠶᠠᠬᠤ ᠮᠠᠰᠢᠨ ᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠲᠦᠩᠯᠢᠶᠣᠣ ᠬᠤᠲᠠ ᠵᠡᠷᠭᠡ ︽ᠡᠷᠳᠡᠨᠢ ᠰᠢᠰᠢ ᠶᠢᠨ ᠰᠢᠵᠢᠷ ᠠᠯᠲᠠᠨ | ᠪᠦᠰᠡ︾ ᠳᠤ ᠲᠤᠰᠬᠠᠢ ᠠᠵᠤ ᠠᠬᠤᠶᠢᠯᠠᠯ ᠪᠠ ᠦᠢᠯᠡᠳᠪᠦᠷᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ | | |