ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠳᠤ 100 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠮᠥᠩᠭᠦ ᠪᠠᠭᠤᠯᠭᠠᠵᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/12/3
      ᠡᠨᠡ ᠵᠢᠯ ᠮᠠᠨ ᠤ ᠣᠷᠣᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠡᠭᠦᠷᠭᠡ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠦᠢᠯᠡᠳᠪᠦᠷᠢᠯᠡᠯ ᠤᠨ ᠬᠠᠮᠢᠶ᠎ᠠ ᠪᠦᠬᠦᠢ ᠰᠢᠯᠵᠢᠭᠦᠯᠦᠨ ᠲᠣᠭᠠᠴᠠᠭ᠎ᠠ ᠬᠢᠬᠦ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠳᠣ ᠬᠤᠭᠤᠴᠠᠭᠠᠨ ᠤ ᠤᠯᠤᠰ ᠤᠨ ᠵᠢᠭᠡᠯᠡᠯᠭᠡ ᠵᠡᠷᠭᠡ ᠡᠯ᠎ᠡ ᠠᠷᠭ᠎ᠠ ᠵᠠᠮ  ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠭᠤᠶᠤᠴᠢᠯᠠᠵᠤ᠂ ᠣᠳᠣᠬᠠᠨ ᠪᠤᠯᠲᠠᠯ᠎ᠠ ᠨᠢᠭᠡᠨᠲᠡ 2025 ᠣᠨ ᠤ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠲᠥᠪ ᠤᠨ ᠡᠳ᠋ ᠤᠨ ᠵᠠᠰᠠᠭ ᠤᠨ ᠰᠢᠯᠵᠢᠭᠦᠯᠦᠨ ᠲᠣᠭᠠᠴᠠᠭ᠎ᠠ ᠬᠢᠬᠦ ᠪᠡᠯᠡ ᠮᠥᠩᠭᠦ ᠶᠢ ᠨᠡᠶᠢᠲᠡ 99.76 ᠳ᠋ᠦᠩᠰᠢᠭᠤᠷ ᠲᠥᠭᠦᠷᠢᠭ ᠣᠯᠪᠠ᠃      ᠣᠶᠢᠯᠠᠭᠠᠭᠰᠠᠨ ᠢᠶᠠᠷ᠂ ᠲᠤᠰ ᠤᠳᠠᠭ᠎ᠠ ᠶᠢᠨ ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ ᠪᠡᠯᠡ ᠮᠥᠩᠭᠦ ᠶᠢᠨ ᠳᠣᠲᠣᠷ᠎ᠠ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠭᠡᠳ ᠠᠰᠢᠭᠯᠠᠯᠲᠠ ᠶᠢᠨ ᠪᠡᠯᠡ ᠮᠥᠩᠭᠦ 59.78 ᠳ᠋ᠦᠩᠰᠢᠭᠤᠷ ᠲᠥᠭᠦᠷᠢᠭ᠂ ᠲᠠᠷᠢᠶᠠᠯᠠᠩ ᠦᠢᠯᠡᠳᠪᠦᠷᠢᠯᠡᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ 21.78 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠪᠡᠯᠡ ᠮᠥᠩᠭᠦ 11.12 ᠳ᠋ᠦᠩᠰᠢᠭᠤᠷ ᠲᠥᠭᠦᠷᠢᠭ᠂ ᠲᠠᠷᠢᠶᠠᠯᠠᠩ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ ︵ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠪᠦᠷᠢ︶ 3.2 ᠳ᠋ᠦᠩᠰᠢᠭᠤᠷ ᠲᠥᠭᠦᠷᠢᠭ᠂ ᠲᠠᠷᠢᠶᠠᠯᠠᠩ ᠦᠢᠯᠡᠳᠪᠦᠷᠢᠯᠡᠯ ᠤᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠪᠡᠯᠡ ᠮᠥᠩᠭᠦ 2.69 ᠳ᠋ᠦᠩᠰᠢᠭᠤᠷ ᠲᠥᠭᠦᠷᠢᠭ᠂ ᠠᠮᠤ ᠲᠣᠰᠣᠨ ᠤ ᠦᠢᠯᠡᠳᠪᠦᠷᠢᠯᠡᠯ ᠤᠨ ᠪᠠᠲᠤᠯᠠᠭ᠎ᠠ ᠶᠢᠨ ᠪᠡᠯᠡ ᠮᠥᠩᠭᠦ 1.19 ᠳ᠋ᠦᠩᠰᠢᠭᠤᠷ ᠲᠥᠭᠦᠷᠢᠭ ᠪᠠᠭᠲᠠᠪᠠ᠃ ᠡᠳᠡᠭᠡᠷ ᠪᠡᠯᠡ ᠮᠥᠩᠭᠦ ᠶᠢ ᠭᠤᠣᠯᠳᠠᠭᠤ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠦᠷᠢ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠵᠡᠷᠭᠡ ᠲᠠᠯ᠎ᠠ ᠳᠤ ᠬᠡᠷᠡᠭᠯᠡᠬᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠢᠶ᠎ᠠ ᠪᠦᠬᠦᠢ ᠪᠡᠯᠡ ᠮᠥᠩᠭᠦ  ᠶᠢᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠲᠥᠰᠥᠪ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠥᠬᠦᠪᠦᠷᠢ ᠣᠯᠭᠤᠬᠤ ᠣᠨᠣᠪᠴᠢᠲᠤ ᠴᠢᠨᠠᠷ ᠪᠠ ᠴᠠᠭᠴᠢ ᠴᠢᠨᠠᠷ ᠢ ᠳᠡᠭᠡᠭᠰᠢᠯᠡᠭᠦᠯᠵᠦ᠂ ᠪᠡᠯᠡ ᠮᠥᠩᠭᠦ ᠶᠢ ᠬᠥᠭᠵᠢᠯᠲᠡ ᠶᠢᠨ ᠴᠢᠬᠤᠯᠠ ᠭᠠᠵᠠᠷ ᠪᠠ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡᠨ ᠤ ᠲᠠᠯ᠎ᠠ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ