12 ᠰᠠᠷ᠎ᠠ ᠶᠢᠨ 4 ᠤ ᠡᠳᠦᠷ᠂ ᠰᠤᠷᠪᠤᠯᠵᠢᠯᠠᠬᠴᠢ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠠᠴᠠ | ᠣᠶᠢᠯᠠᠭᠠᠭᠰᠠᠨ ᠢᠶᠠᠷ᠂ ᠲᠤᠰ ᠬᠤᠲᠠ ᠶᠢᠨ ᠲᠣᠭᠲᠠᠭᠠᠭᠰᠠᠨ ᠪᠦᠭᠦ ᠤᠯᠤᠰ ᠤᠨ ᠠᠩᠬᠠᠳᠠᠭᠴᠢ ᠠᠵᠢᠯ ᠲᠥᠷᠥᠯ ᠤᠨ ᠪᠠᠷᠢᠮᠵᠢᠶ᠎ᠠ ᠪᠤᠯᠬᠤ︽ᠨᠠᠷᠠᠨ ᠬᠤᠸᠠᠷ ᠤᠨ | ᠡᠭᠦᠯᠳᠡᠷ ᠵᠢᠴᠢ ᠲᠡᠭᠦᠨ ᠤ ᠪᠣᠳᠠᠲᠤ ᠡᠭᠦᠰᠦᠮᠡᠯ ᠡᠭᠦᠯᠳᠡᠷ ᠤᠨ MNP ᠮᠣᠯᠧᠺᠦ᠋ᠯ ᠢ ᠲᠡᠮᠳᠡᠭᠯᠡᠬᠦ ᠠᠷᠭ᠎ᠠ︾ ᠬᠢᠨᠠᠨ ᠪᠠᠶᠢᠴᠠᠭᠠᠯᠲᠠ ᠶᠢ ᠤᠷᠤᠭᠰᠢᠲᠠᠢ ᠲᠤᠭᠤᠯᠵᠤ᠂ | ᠨᠠᠷᠠᠨ ᠬᠤᠸᠠᠷ ᠤᠨ ᠳᠠᠭᠤᠷᠢᠶᠠᠮᠠᠯ ᠦᠷ᠎ᠡ ᠪᠣᠯᠣᠨ ᠬᠠᠭᠤᠷᠮᠠᠭ ᠦᠷ᠎ᠡ ᠶᠢ ᠲᠤᠭᠤᠰᠢᠲᠠᠢ ᠰᠡᠷᠭᠡᠶᠢᠯᠡᠬᠦ ᠪᠣᠯᠣᠮᠵᠢ ᠶᠢ ᠬᠠᠩᠭᠠᠵᠠᠢ᠃ | ︽MNP ︵ᠣᠯᠠᠨ ᠪᠥᠭᠡᠮ ᠰᠢᠬᠢᠷ ᠤᠨ ᠬᠦᠴᠢᠯ ᠤᠨ ᠣᠯᠠᠨ ᠲᠥᠯᠥᠪᠲᠦ ᠴᠢᠨᠠᠷ︶ ᠤᠨ ᠮᠣᠯᠧᠺᠦ᠋ᠯ ᠢᠶᠠᠷ ᠲᠡᠮᠳᠡᠭᠯᠡᠬᠦ ᠠᠷᠭ᠎ᠠ ᠪᠣᠯ ᠰᠢᠨ᠎ᠡ ᠭᠡᠯᠪᠡᠷᠢ ᠶᠢᠨ | ᠮᠣᠯᠧᠺᠦ᠋ᠯ ᠢᠶᠠᠷ ᠬᠢᠨᠠᠨ ᠲᠣᠭᠲᠠᠭᠠᠬᠤ ᠮᠡᠷᠭᠡᠵᠢᠯ ᠪᠣᠯᠣᠨ᠎ᠠ᠂ ᠲᠡᠮᠳᠡᠭᠯᠡᠨ ᠰᠢᠯᠭᠠᠬᠤ ᠣᠨᠣᠪᠴᠢ ᠶᠢᠨ ᠨᠣᠷᠮ᠎ᠠ ᠨᠢ 99.98% ᠠᠴᠠ ᠳᠡᠭᠡᠭᠰᠢ ᠳᠤ ᠬᠦᠷᠴᠦ᠂ | ᠤᠷᠭᠤᠮᠠᠯ ᠤᠨ ᠡᠭᠦᠯᠳᠡᠷ ᠤᠨ ᠡᠷᠬᠡ ᠳᠤ ᠣᠨᠣᠪᠴᠢᠲᠠᠢ ᠡᠷᠬᠡ ᠣᠯᠭᠤᠬᠤ᠂ ᠬᠤᠳᠠᠯ ᠬᠠᠭᠤᠷᠮᠠᠭ ᠵᠦᠢᠯ ᠳᠤ ᠴᠣᠬᠢᠯᠲᠠ ᠥᠭᠬᠦ ᠪᠠ ᠡᠷᠬᠡ ᠪᠠᠨ ᠬᠠᠮᠠᠭᠠᠯᠠᠬᠤ ᠵᠢᠴᠢ | ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ﹀ ᠶᠢ ᠬᠡᠷᠡᠭᠵᠢᠭᠦᠯᠬᠦ ᠳᠤ ᠨᠠᠶᠢᠳᠠᠪᠤᠷᠢᠲᠠᠢ ᠪᠠᠷᠢᠮᠵᠢᠶ᠎ᠠ ᠠᠷᠭ᠎ᠠ ᠪᠠᠷᠢᠯ ᠢ ᠬᠠᠩᠭᠠᠵᠤ᠂ | ᠦᠷ᠎ᠡ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠮᠠᠨ ᠤ ᠤᠯᠤᠰ ᠤᠨ | ᠦᠷ᠎ᠡ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠲᠦᠪᠰᠢᠨ ᠪᠣᠯᠣᠨ ᠣᠯᠠᠨ ᠤᠯᠤᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠳᠤ ᠠᠰᠢᠭᠲᠠᠢ︾ ᠭᠡᠵᠦ | ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠰᠢᠨ᠎ᠡ ᠡᠭᠦᠯᠳᠡᠷ ᠢ ᠰᠢᠯᠭᠠᠬᠤ ᠲᠥᠪ ᠤᠨ ᠳᠡᠳ᠋ ᠡᠷᠭᠢᠯᠡᠭᠴᠢ ᠶᠠᠩ | ᠴᠢᠨ ᠹᠠᠩ ᠲᠠᠨᠢᠯᠴᠠᠭᠤᠯᠪᠠ᠃ | 2021 ᠣᠨ ᠠᠴᠠ ᠡᠳᠦᠭᠡ ᠪᠤᠯᠲᠠᠯ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠳᠠᠭᠤᠷᠢᠶᠠᠮᠠᠯ ᠦᠷ᠎ᠡ ᠶᠢᠨ ᠠᠰᠠᠭᠤᠳᠠᠯ ᠢ ᠴᠡᠭᠴᠡᠯᠡᠨ | ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠵᠥᠪ ᠣᠨᠣᠪᠴᠢᠲᠠᠢ ᠥᠨᠳᠥᠷ ᠪᠦᠲᠦᠮᠵᠢᠲᠡᠢ ᠮᠣᠯᠧᠺᠦ᠋ᠯ ᠤᠨ ᠬᠢᠨᠠᠨ ᠲᠣᠭᠲᠠᠭᠠᠬᠤ ᠮᠡᠷᠭᠡᠵᠢᠯ ᠢ ᠠᠰᠢᠭᠯᠠᠨ᠂ ᠲᠠᠷᠢᠶᠠᠨ | ᠭᠠᠵᠠᠷ ᠤᠨ ᠦᠯᠢᠭᠡᠷ ᠭᠡᠯᠪᠡᠷᠢ ᠶᠢᠨ ᠬᠢᠨᠠᠨ ᠲᠣᠭᠲᠠᠭᠠᠯᠲᠠ ᠲᠠᠢ ᠤᠶᠠᠯᠳᠤᠭᠤᠯᠵᠤ᠂ 6 ᠪᠦᠯᠦᠭ ᠤᠨ ᠨᠡᠶᠢᠲᠡ 1413 ᠨᠠᠷᠠᠨ ᠬᠤᠸᠠᠷ ᠤᠨ ᠡᠭᠦᠯᠳᠡᠷ ᠢ | ᠵᠠᠯᠭᠠᠭ᠎ᠠ ᠪᠠᠷ ᠬᠦᠴᠦᠨ ᠦᠭᠡᠢ ᠪᠤᠯᠭᠠᠵᠤ᠂ ᠦᠷ᠎ᠡ ᠶᠢᠨ ᠵᠠᠬ᠎ᠠ ᠳᠡᠯᠭᠡᠭᠦᠷ ᠢ ᠴᠡᠭᠴᠡᠯᠡᠭᠰᠡᠨ ᠪᠠᠶᠢᠨ᠎ᠠ᠃ | 21 ᠳ᠋ᠦ᠋ᠭᠡᠷ ᠵᠠᠭᠤᠨ ᠤ ᠡᠬᠢᠨ ᠳᠤ᠂ ᠮᠠᠨ ᠤ ᠤᠯᠤᠰ ᠭᠠᠳᠠᠭᠠᠳᠤ ᠠᠴᠠ ᠨᠠᠷᠠᠨ ᠬᠤᠸᠠᠷ ᠤᠨ ᠡᠷᠯᠢᠰᠡᠵᠢᠭᠦᠯᠦᠭᠰᠡᠨ ᠡᠭᠦᠯᠳᠡᠷ ᠢ ᠠᠯᠬᠤᠮ ᠠᠯᠬᠤᠮ ᠢᠶᠠᠷ | ᠣᠷᠣᠭᠤᠯᠵᠤ᠂ 20 ᠭᠠᠷᠤᠢ ᠵᠢᠯ ᠤᠨ ᠴᠢᠷᠮᠠᠶᠢᠯᠭ᠎ᠠ ᠪᠠᠷ ᠳᠠᠮᠵᠢᠨ᠂ ᠨᠢᠭᠡ ᠪᠦᠯᠦᠭ ᠥᠨᠳᠥᠷ ᠤᠨᠠᠯᠲᠠ ᠲᠠᠢ ᠵᠣᠬᠢᠴᠠᠯᠳᠤᠬᠤ ᠴᠢᠨᠠᠷ ᠢᠶᠠᠷ ᠰᠠᠶᠢᠨ ᠰᠢᠯᠢᠳᠡᠭ | ᠡᠭᠦᠯᠳᠡᠷ ᠢ ᠥᠭᠡᠷᠡᠴᠢᠯᠡᠨ ᠪᠣᠶᠢᠵᠢᠭᠤᠯᠵᠤ ᠭᠠᠷᠭᠠᠵᠠᠢ᠃ ᠭᠡᠪᠡᠴᠦ ᠨᠠᠷᠠᠨ ᠬᠤᠸᠠᠷ ᠤᠨ ᠦᠷ᠎ᠡ ᠶᠢᠨ ᠡᠬᠢ ᠪᠠᠶᠠᠯᠢᠭ ᠤᠨ ᠬᠤᠷᠠᠮᠳᠤᠭᠤᠯᠤᠯ ᠨᠢ ᠬᠢᠵᠠᠭᠠᠷ ᠲᠠᠢ᠂ | ᠤᠳᠤᠮᠯᠠᠯ ᠤᠨ ᠪᠠᠶᠢᠳᠠᠯ ᠨᠢ ᠠᠳᠠᠯᠢᠪᠲᠤᠷ᠂ ᠰᠣᠩᠭᠤᠨ ᠪᠣᠶᠢᠵᠢᠭᠤᠯᠬᠤ ᠬᠠᠷᠠᠯᠲᠠ ᠶᠢᠨ ᠰᠢᠨᠵᠢ ᠪᠠᠶᠢᠳᠠᠯ ᠨᠢ ᠬᠠᠷᠢᠴᠠᠩᠭᠤᠢ ᠨᠢᠭᠡᠳᠦᠯᠲᠡᠢ᠂ ᠡᠭᠦᠯᠳᠡᠷ ᠪᠣᠶᠢᠵᠢᠭᠤᠯᠬᠤ | ᠮᠡᠷᠭᠡᠵᠢᠯ ᠨᠢ ᠳᠠᠩ ᠴᠤᠯᠭᠤᠢ ᠪᠣᠯᠬᠤᠷ ᠨᠢᠭᠡ ᠡᠭᠦᠯᠳᠡᠷ ᠣᠯᠠᠨ ᠨᠡᠷ᠎ᠡ ᠲᠠᠢ᠂ ᠳᠠᠭᠤᠷᠢᠶᠠᠮᠠᠯ ᠡᠭᠦᠯᠳᠡᠷ ᠰᠠᠮᠠᠭᠤᠷᠠᠵᠤ᠂ ᠣᠯᠠᠨᠲᠠ ᠬᠤᠷᠢᠭᠯᠠᠭᠰᠠᠨ ᠴᠤ ᠵᠣᠭᠰᠣᠭᠠᠵᠤ | ᠳᠡᠶᠢᠯᠦᠭᠰᠡᠨ ᠦᠭᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢ | ᠬᠡᠷᠡᠭᠵᠢᠭᠦᠯᠦᠭᠰᠡᠨ ᠠᠴᠠ ᠨᠠᠭᠠᠰᠢ᠂ ᠦᠷ᠎ᠡ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠪᠠᠷ ᠭᠤᠣᠯᠳᠠᠯᠭ᠎ᠠ | ᠪᠤᠯᠭᠠᠵᠤ᠂ ᠪᠣᠳᠠᠲᠤ ᠡᠭᠦᠰᠦᠮᠡᠯ ᠡᠭᠦᠯᠳᠡᠷ ᠤᠨ ᠳᠦᠷᠢᠮ ᠢ ᠲᠣᠭᠲᠠᠭᠠᠨ᠂ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢ ᠬᠠᠮᠠᠭᠠᠯᠠᠬᠤ ᠬᠡᠪᠴᠢᠶ᠎ᠡ ᠶᠢ | ᠥᠷᠭᠡᠳᠬᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠣᠳᠠᠲᠤ ᠡᠭᠦᠰᠦᠮᠡᠯ ᠡᠭᠦᠯᠳᠡᠷ ᠤᠨ ᠳᠦᠷᠢᠮ ᠢ ᠬᠡᠷᠡᠭᠵᠢᠭᠦᠯᠬᠦ ᠠᠯᠬᠤᠮ ᠳᠠᠷᠠᠭ᠎ᠠ ᠪᠣᠯᠣᠨ | ᠠᠷᠭ᠎ᠠ ᠶᠢ ᠲᠣᠭᠲᠠᠭᠠᠪᠠ᠃ | ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠡᠨᠡ ᠬᠦ ᠰᠢᠨ᠎ᠡ ᠭᠡᠯᠪᠡᠷᠢ ᠶᠢᠨ ᠮᠣᠯᠧᠺᠦ᠋ᠯ ᠢᠶᠠᠷ ᠲᠡᠮᠳᠡᠭᠯᠡᠬᠦ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ | ᠶᠠᠪᠤᠴᠠ ᠳᠤ 648 ᠬᠤᠪᠢ ᠨᠠᠷᠠᠨ ᠬᠤᠸᠠᠷ ᠤᠨ ᠡᠭᠦᠯᠳᠡᠷ ᠢ ᠰᠣᠩᠭᠤᠵᠤ᠂ ᠰᠢᠯᠢᠵᠦ ᠰᠣᠩᠭᠤᠭᠰᠠᠨ 522 MNP ᠲᠡᠮᠳᠡᠭ ᠲᠤ ᠡᠭᠦᠯᠳᠡᠷ ᠢᠯᠭᠠᠬᠤ | ᠴᠢᠳᠠᠪᠤᠷᠢ ᠶᠢᠨ ᠦᠨᠡᠯᠡᠯᠲᠡ ᠬᠢᠵᠦ᠂ ᠳᠠᠭᠢᠨ ᠢᠯᠡᠷᠡᠬᠦ ᠴᠢᠨᠠᠷᠲᠠᠢ ᠲᠤᠷᠰᠢᠯᠲᠠ ᠪᠠᠷ MNP ᠲᠡᠮᠳᠡᠭ ᠤᠨ ᠭᠡᠯᠪᠡᠷᠢ ᠬᠤᠪᠢᠶᠠᠷᠢᠯᠠᠬᠤ ᠣᠨᠣᠪᠴᠢ ᠶᠢ ᠰᠢᠯᠭᠠᠨ | ᠪᠠᠲᠤᠯᠠᠵᠤ᠂ ᠤᠯᠤᠰ ᠤᠨ ᠳᠣᠲᠣᠭᠠᠳᠤ ᠶᠢᠨ ᠡᠭᠦᠯᠳᠡᠷ ᠪᠣᠶᠢᠵᠢᠭᠤᠯᠬᠤ᠂ ᠦᠢᠯᠡᠳᠪᠦᠷᠢᠯᠡᠬᠦ᠂ ᠰᠢᠯᠭᠠᠨ ᠬᠡᠮᠵᠢᠵᠦ ᠰᠢᠯᠭᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ | ᠬᠦᠷᠢᠶ᠎ᠡ ᠴᠠᠷᠠᠭᠠᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠰᠢᠨᠵᠢᠯᠡᠬᠦ ᠤᠬᠠᠭᠠᠨ᠂ ᠪᠣᠳᠠᠲᠤ ᠪᠠᠶᠢᠳᠠᠯ᠂ ᠢᠷᠡᠭᠡᠳᠦᠢ ᠶᠢᠨ ᠬᠡᠷᠡᠭᠴᠡᠭᠡ ᠵᠡᠷᠭᠡ ᠬᠦᠴᠦᠨ | ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠨᠠᠷᠠᠨ ᠬᠤᠸᠠᠷ ᠤᠨ ᠡᠭᠦᠯᠳᠡᠷ ᠢ ᠬᠢᠨᠠᠨ ᠲᠣᠭᠲᠠᠭᠠᠬᠤ ᠪᠠ ᠪᠣᠳᠠᠲᠤ ᠡᠭᠦᠰᠦᠮᠡᠯ ᠬᠠᠷᠢᠴᠠᠭ᠎ᠠ ᠶᠢ | ᠮᠠᠭᠠᠳᠯᠠᠬᠤ ᠵᠠᠭᠠᠭ ᠢ ᠲᠣᠭᠲᠠᠭᠠᠪᠠ᠃ ᠡᠨᠡ ᠨᠢ ᠮᠠᠨ ᠤ ᠤᠯᠤᠰ ᠤᠨ ᠨᠠᠷᠠᠨ ᠬᠤᠸᠠᠷ ᠤᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ | ᠨᠠᠷᠠᠨ ᠬᠤᠸᠠᠷ ᠪᠣᠯ ᠭᠠᠩ ᠬᠠᠭᠰᠠᠷᠠᠭᠠᠨ ᠳᠤ ᠳᠠᠭᠠᠭᠠᠴᠠᠲᠠᠢ᠂ ᠬᠤᠵᠢᠷᠯᠢᠭ ᠭᠠᠵᠠᠷ ᠲᠤ ᠲᠡᠰᠪᠦᠷᠢᠲᠡᠢ ᠳᠡᠯᠡᠬᠡᠢ ᠳᠡᠭᠡᠷᠡᠬᠢ ᠳᠥᠷᠪᠡᠳᠦᠭᠡᠷ ᠲᠣᠮᠣ ᠲᠣᠰᠣᠯᠢᠭ | ᠲᠠᠷᠢᠮᠠᠯ ᠪᠣᠯᠣᠨ᠎ᠠ᠃ ᠥᠪᠥᠷ ᠮᠣᠩᠭᠤᠯ ᠵᠢᠯ ᠳᠤ 800 ᠲᠦᠮᠡᠨ ᠮᠦ ᠰᠢᠬᠠᠮ ᠨᠠᠷᠠᠨ ᠬᠤᠸᠠᠷ ᠲᠠᠷᠢᠵᠤ᠂ ᠪᠦᠭᠦ ᠤᠯᠤᠰ ᠤᠨ ᠨᠠᠷᠠᠨ ᠬᠤᠸᠠᠷ ᠤᠨ ᠲᠠᠷᠢᠮᠠᠯ ᠤᠨ | ᠲᠠᠯᠠᠪᠠᠢ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠤᠢ᠃ ᠡᠭᠦᠨ ᠳᠤ ᠪᠠᠶᠠᠨᠨᠠᠭᠤᠷ ᠬᠤᠲᠠ ᠵᠢᠯ ᠳᠤ 400 ᠭᠠᠷᠤᠢ ᠲᠦᠮᠡᠨ ᠮᠦ ᠨᠠᠷᠠᠨ ᠬᠤᠸᠠᠷ ᠲᠠᠷᠢᠵᠤ᠂ | ᠥᠪᠥᠷ ᠮᠣᠩᠭᠤᠯ ᠤᠨ ᠲᠠᠷᠢᠮᠠᠯ ᠤᠨ ᠲᠠᠯᠠᠪᠠᠢ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠪᠦᠭᠦ ᠤᠯᠤᠰ ᠤᠨ ᠲᠠᠷᠢᠮᠠᠯ ᠤᠨ ᠲᠠᠯᠠᠪᠠᠢ ᠶᠢᠨ 25% ᠠᠴᠠ | ᠳᠡᠭᠡᠭᠰᠢᠬᠢ ᠶᠢ ᠡᠵᠡᠯᠡᠵᠦ᠂ ᠪᠦᠭᠦ ᠤᠯᠤᠰ ᠤᠨ ᠬᠠᠮᠤᠭ ᠤᠨ ᠲᠣᠮᠣ ᠢᠳᠡᠭᠡᠨ ᠤ ᠨᠠᠷᠠᠨ ᠬᠤᠸᠠᠷ ᠲᠠᠷᠢᠬᠤ ᠰᠠᠭᠤᠷᠢᠨ ᠪᠣᠯᠣᠨ᠎ᠠ᠃ | | |