ᠰᠢᠯᠢᠳᠡᠭ ᠡᠭᠦᠯᠳᠡᠷ ᠤᠨ ᠰᠠᠭᠠᠯᠢ ᠶᠢᠨ ᠦᠨᠢᠶ᠎ᠡ ᠶᠢ ᠰᠢᠭᠰᠢᠨ ᠰᠣᠩᠭᠤᠬᠤ ᠮᠡᠷᠭᠡᠵᠢᠯ ᠰᠢᠨ᠎ᠡ ᠰᠢᠪᠲᠤᠯᠤᠯᠲᠠ ᠲᠠᠢ ᠪᠣᠯᠪᠠ
ᠨᠡᠶᠢᠲᠡᠯᠡᠭᠰᠡᠨ ᠴᠠᠭ᠄
2024/12/5
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠭᠦᠭᠡᠬᠤᠳᠠ ᠳᠠᠬᠢ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠪᠦᠬᠦᠢ ︽ᠰᠦ ᠰᠠᠶᠢᠲᠠᠢ ᠭᠡᠮ ᠬᠢᠵᠢᠭ ᠢ ᠡᠰᠡᠷᠭᠦᠴᠡᠬᠦ ᠴᠢᠳᠠᠪᠤᠷᠢ ᠲᠠᠢ︾ ᠰᠠᠭᠠᠯᠢ ᠶᠢᠨ ᠦᠨᠢᠶᠡᠨ ᠤ ᠣᠨᠴᠠᠭᠠᠶ ᠪᠡᠯᠭᠡ ᠲᠡᠮᠳᠡᠭ ᠤᠨ ᠭᠧᠨ ᠢ ᠰᠢᠯᠭᠠᠨ ᠪᠠᠶᠢᠴᠠᠭᠠᠬᠤ ᠴᠠᠬᠢᠮ ᠢᠯᠲᠠᠰᠤ - ︽ᠡᠭᠦᠯᠳᠡᠷ ᠪᠣᠶᠢᠵᠢᠭᠤᠯᠬᠤ 1 ᠳ᠋ᠦ᠋ᠭᠡᠷ ᠨᠣᠮᠧᠷᠲᠤ ᠴᠠᠬᠢᠮ ᠢᠯᠲᠠᠰᠤ︾ ᠶᠢ ᠰᠤᠳᠤᠯᠤᠨ ᠭᠠᠷᠭᠠᠪᠠ᠃ ᠡᠨᠡ ᠨᠢ ᠰᠠᠭᠠᠯᠢ  ᠶᠢᠨ ᠦᠨᠢᠶᠡᠨ ᠤ ᠰᠢᠯᠢᠳᠡᠭ ᠭᠧᠨ ᠤ ᠪᠡᠯᠭᠡ ᠲᠡᠮᠳᠡᠭ ᠢ ᠥᠨᠳᠥᠷ ᠪᠦᠲᠦᠮᠵᠢᠲᠡᠶ᠂ ᠨᠠᠷᠢᠯᠢᠭ ᠣᠨᠣᠪᠴᠢᠲᠠᠶ ᠰᠢᠭᠰᠢᠨ ᠰᠣᠩᠭᠤᠬᠤ ᠲᠠᠯ᠎ᠠ ᠪᠠᠷ ᠰᠢᠨ᠎ᠡ ᠰᠢᠪᠲᠤᠯᠤᠯᠲᠠ  ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ︽ᠡᠭᠦᠯᠳᠡᠷ ᠪᠣᠶᠢᠵᠢᠭᠤᠯᠬᠤ1 ᠳ᠋ᠦ᠋ᠭᠡᠷ ᠨᠣᠮᠧᠷᠲᠤ ᠴᠠᠬᠢᠮ ᠢᠯᠲᠠᠰᠤ︾ ᠪᠠᠷ ᠨᠢᠯᠬ᠎ᠠ ᠲᠤᠭᠤᠯ ᠤᠨ ᠦᠰᠦᠨ ᠤ ᠤᠭᠤᠲᠠ᠂ ᠴᠢᠰᠤ ᠪᠤᠶᠤ ᠴᠢᠬᠢᠨ ᠤ ᠨᠡᠬᠡᠳᠡᠰᠦ ᠪᠠᠷ ᠲᠠᠮᠵᠢᠨ ︽ᠰᠦ ᠰᠠᠶᠢᠲᠠᠢ ᠭᠡᠮ ᠬᠢᠵᠢᠭ ᠢ ᠡᠰᠡᠷᠭᠦᠴᠡᠬᠦ ᠴᠢᠳᠠᠪᠤᠷᠢ ᠲᠠᠢ︾ ᠭᠧᠨ ᠤ ᠪᠡᠯᠭᠡ ᠲᠡᠮᠳᠡᠭ ᠢ ᠰᠢᠯᠭᠠᠨ ᠪᠠᠶᠢᠴᠠᠭᠠᠵᠤ ᠦᠨᠡᠯᠡᠨ ᠵᠢᠱᠢᠵᠦ᠂ ᠡᠭᠦᠨ ᠢ ︽ᠶᠡᠷᠦᠩᠬᠡᠶᠢᠯᠡᠭᠰᠡᠨ ᠡᠭᠦᠯᠳᠡᠷ ᠪᠣᠶᠢᠵᠢᠭᠤᠯᠬᠤ ᠭᠦᠢᠴᠡᠳᠬᠡᠯ ᠲᠤᠭ᠎ᠠ︾ ᠲᠠᠢ ᠬᠠᠷᠭᠤᠭᠤᠯᠪᠠᠯ ᠡᠭᠦᠯᠳᠡᠷ ᠪᠣᠶᠢᠵᠢᠭᠤᠯᠬᠤ ᠦᠷ᠎ᠡ ᠪᠦᠳᠦᠮᠵᠢ ᠶᠢ ᠨᠡᠩ ᠣᠨᠣᠴᠠᠲᠠᠢ ᠲᠥᠰᠥᠭᠡᠯᠡᠨ᠂ ᠰᠠᠭᠠᠯᠢ ᠶᠢᠨ ᠦᠨᠢᠶᠡᠨ ᠤ ᠰᠢᠯᠢᠳᠡᠭ ᠡᠭᠦᠯᠳᠡᠷ ᠤᠨ ᠰᠦᠷᠦᠭ ᠢ ᠰᠣᠩᠭᠤᠨ ᠪᠣᠶᠢᠵᠢᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠭᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠬᠠᠩᠭᠠᠪᠠ᠃      ᠣᠳᠣᠬᠠᠨ ᠪᠤᠯᠳᠠᠯ᠎ᠠ ︽ᠡᠭᠦᠯᠳᠡᠷ ᠪᠣᠶᠢᠵᠢᠭᠤᠯᠬᠤ 1 ᠳ᠋ᠦ᠋ᠭᠡᠷ ᠨᠣᠮᠧᠷᠲᠤ ᠴᠠᠬᠢᠮ ᠢᠯᠲᠠᠰᠤ︾ ᠪᠠᠷ ᠨᠢᠭᠡᠨᠲᠡ 300 ᠭᠠᠷᠤᠢ ᠰᠠᠭᠠᠯᠢ ᠶᠢᠨ ᠦᠨᠢᠶ᠎ᠡ ᠶᠢ ᠰᠢᠯᠭᠠᠨ ᠪᠠᠶᠢᠴᠠᠭᠠᠵᠤ᠂ ︽ᠰᠦ ᠰᠠᠶᠢᠲᠠᠢ ᠭᠡᠮ ᠬᠢᠵᠢᠭ ᠢ ᠡᠰᠡᠷᠭᠦᠴᠡᠬᠦ ᠴᠢᠳᠠᠪᠤᠷᠢ ᠲᠠᠢ︾ ᠣᠨᠴᠠᠭᠠᠶ ᠪᠡᠯᠭᠡ ᠲᠡᠮᠳᠡᠭ ᠤᠨ ᠭᠧᠨ ᠲᠠᠢ ᠰᠠᠭᠠᠯᠢ ᠶᠢᠨ ᠦᠨᠢᠶ᠎ᠡ ᠶᠢᠨ ᠵᠢᠱᠢᠯᠲᠡ ᠶᠢᠨ ᠣᠨᠣᠪᠴᠢ ᠶᠢᠨ ᠨᠣᠷᠮ᠎ᠠ ᠨᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ᠃ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠷᠢᠯᠳᠦᠭᠦᠨ ᠨᠢᠭᠡᠴᠢ ᠪᠤᠯᠬᠤ ᠶᠢᠦ ᠷᠠᠨ ᠮᠠᠯ ᠠᠵᠤ ᠠᠬᠤᠢ ᠶᠢᠨ ᠰᠠᠢ ᠺᠧ ᠰᠢᠩ ᠦᠷᠡᠵᠢᠯ ᠤᠨ ᠠᠮᠢᠳᠤ ᠪᠣᠳᠠᠰ ᠤᠨ ᠮᠡᠷᠭᠡᠵᠢᠯ  ᠤᠨ ᠪᠦᠯᠦᠭᠯᠡᠯ ᠺᠤᠮᠫᠠᠨᠢ ︽ᠰᠦ ᠰᠠᠶᠢᠲᠠᠢ ᠭᠡᠮ ᠬᠢᠵᠢᠭ ᠢ ᠡᠰᠡᠷᠭᠦᠴᠡᠬᠦ ᠴᠢᠳᠠᠪᠤᠷᠢ ᠲᠠᠢ︾ ᠰᠠᠭᠠᠯᠢ ᠶᠢᠨ ᠦᠨᠢᠶᠡᠨ ᠤ ᠭᠧᠨ ᠢ ᠰᠢᠯᠭᠠᠨ ᠪᠠᠶᠢᠴᠠᠭᠠᠬᠤ ᠮᠡᠷᠭᠡᠵᠢᠯ ᠤᠨ ᠤᠯᠤᠰ ᠤᠨ ᠳᠣᠲᠣᠭᠠᠳᠤ ᠶᠢᠨ ᠠᠩᠬᠠᠳᠠᠭᠴᠢ ᠵᠠᠬ᠎ᠠ ᠳᠡᠯᠭᠡᠭᠦᠷᠴᠢᠯᠡᠭᠰᠡᠨ ᠺᠤᠮᠫᠠᠨᠢ ᠪᠣᠯᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ