ᠰᠢ ᠶᠢᠨ ᠫᠢᠩ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/12/6
      12 ᠰᠠᠷ᠎ᠠ ᠶᠢᠨ 3  ᠤ  ᠡᠳᠦᠷ᠂  ᠲᠤᠮᠳᠠᠳᠤ ᠤᠯᠤᠰ ᠤᠨ ᠡᠪ  ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ  ᠱᠦᠵᠢ᠂  ᠤᠯᠤᠰ ᠤᠨ  ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ᠃

6386890329906053869273375.png

      12 ᠰᠠᠷ᠎ᠠ ᠶᠢᠨ 3 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ

 ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ

 ᠤ ᠲᠡᠷᠢᠭᠦᠯᠡᠭᠴᠢ ᠬᠤᠩᠰᠧᠨ ᠲᠠᠢ ᠬᠡᠯᠡᠯᠴᠡᠭᠡ ᠬᠢᠪᠡ᠃       

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ   ᠰᠢᠶᠧ ᠬᠤᠸᠠᠨ ᡂᠢ   ᠰᠡᠭᠦᠳᠡᠷᠯᠡᠪᠡ

      ᠰᠢ ᠶᠢᠨ ᠫᠢᠩ᠂ ᠳᠤᠮᠳᠠᠳᠤ ᠺᠠᠮᠪᠤᠵᠠ ᠶᠢᠨ ᠬᠠᠳᠠᠨ ᠪᠠᠲᠤ ᠨᠥᠬᠦᠷᠯᠡᠯ ᠲᠡᠭᠦᠯᠳᠡᠷ ᠰᠠᠶᠢᠬᠠᠨ ᠪᠠᠶᠢᠨ᠎ᠠ᠂ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ

ᠠᠰᠢᠭ ᠲᠤᠰᠠ ᠳᠤ ᠪᠦᠷᠢᠮᠦᠰᠦᠨ ᠨᠡᠶᠢᠴᠡᠨ᠎ᠡ᠃ ᠳᠤᠮᠳᠠᠳᠤ ᠤᠯᠤᠰ ᠢᠮᠠᠭᠲᠠ ᠺᠠᠮᠪᠤᠵᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ

ᠭᠤᠣᠯᠳᠠᠯᠭ᠎ᠠ ᠲᠠᠢ ᠴᠢᠭᠯᠡᠯ ᠪᠤᠯᠭᠠᠵᠤ᠂ ᠳᠤᠷᠠᠲᠠᠶ᠎ᠠ ᠺᠠᠮᠪᠤᠵᠠ ᠯᠤᠭ᠎ᠠ ᠭᠠᠷ ᠬᠤᠯᠪᠣᠨ ᠴᠢᠨᠠᠷ ᠰᠠᠶᠢᠲᠠᠢ᠂ ᠥᠨᠳᠥᠷ ᠲᠦᠪᠰᠢᠨ ᠲᠠᠢ᠂ ᠥᠨᠳᠥᠷ ᠪᠠᠷᠢᠮᠵᠢᠶ᠎ᠠ ᠲᠠᠢ ᠰᠢᠨ᠎ᠡ

ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠬᠤᠶᠠᠷ ᠲᠠᠯ᠎ᠠ ᠪᠠᠷ ᠢᠶᠠᠨ ᠨᠢᠭᠡ ᠳᠤ᠂ ᠬᠠᠷᠢᠯᠴᠠᠨ

ᠳᠡᠮᠵᠢᠯᠴᠡᠵᠦ᠂ ᠬᠠᠳᠠᠨ ᠪᠠᠲᠤ ᠨᠥᠬᠦᠷᠯᠡᠯ ᠢᠶᠠᠨ ᠪᠠᠬᠢᠵᠢᠭᠦᠯᠦᠶ᠎ᠡ᠃ ᠳᠤᠮᠳᠠᠳᠤ ᠤᠯᠤᠰ ᠺᠠᠮᠪᠤᠵᠠ ᠶᠢᠨ ᠬᠢᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂

ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠬᠤᠶᠠᠷ ᠲᠤ᠂ ᠰᠣᠯᠢᠯᠴᠠᠭ᠎ᠠ ᠲᠣᠯᠢᠳᠠᠯ ᠢᠶᠠᠨ ᠭᠦᠨᠵᠡᠭᠡᠶᠢᠷᠡᠭᠦᠯᠵᠦ᠂ ᠬᠥᠭᠵᠢᠯᠲᠡ

ᠮᠠᠨᠳᠤᠯᠲᠠ ᠶᠢ ᠬᠠᠮᠲᠤ ᠪᠠᠷ ᠡᠷᠢᠯᠬᠢᠯᠡᠶ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠺᠠᠮᠪᠤᠵᠠ ᠶᠢᠨ ᠠᠷᠠᠳ ᠤᠨ ᠨᠠᠮ ᠯᠤᠭ᠎ᠠ ᠪᠠᠶᠢᠯᠳᠤᠬᠤ

ᠪᠣᠳᠣᠯᠭ᠎ᠠ ᠶᠢᠨ ᠣᠯᠣᠯᠴᠠᠭ᠎ᠠ ᠪᠣᠯᠣᠨ ᠺᠠᠳ᠋ᠷ ᠤᠨ ᠪᠣᠯᠪᠠᠰᠤᠷᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠺᠠᠮᠪᠤᠵᠠ ᠶᠢᠨ ᠲᠤᠰ ᠤᠯᠤᠰ ᠤᠨ ᠢᠶᠠᠨ ᠪᠠᠶᠢᠳᠠᠯ ᠳᠤ

ᠨᠡᠶᠢᠴᠡᠭᠰᠡᠨ ᠬᠥᠭᠵᠢᠯᠲᠡ ᠶᠢᠨ ᠵᠠᠮ ᠢ ᠰᠦᠪᠡᠭᠴᠢᠯᠡᠬᠦ ᠳᠤ ᠬᠦᠴᠦᠨ ᠨᠡᠮᠡᠷᠢᠯᠡᠨ᠎ᠡ᠃ ᠭᠤᠷᠪᠠ ᠳᠤ᠂ ᠬᠠᠮᠲᠤᠷᠠᠯᠴᠠᠭᠠᠨ ᠤ ᠠᠵᠠ ᠲᠣᠭᠢᠶᠠᠯ ᠢ ᠡᠵᠡᠮᠳᠡᠵᠦ᠂ ᠬᠠᠮᠲᠤ ᠪᠠᠷ

ᠠᠰᠢᠭ ᠭᠦᠷᠳᠡᠭᠦ ᠰᠢᠨ᠎ᠡ ᠪᠠᠶᠢᠳᠠᠯ ᠢ ᠨᠡᠭᠡᠭᠡᠶ᠎ᠡ᠃ ᠳᠤᠮᠳᠠᠳᠤ ᠤᠯᠤᠰ ᠳᠤᠷᠠᠲᠠᠶ᠎ᠠ ᠺᠠᠮᠪᠤᠵᠠ ᠯᠤᠭ᠎ᠠ ᠰᠢᠨ᠎ᠡ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ

ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠤᠯᠭᠠᠵᠤ᠂ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ ᠪᠦᠲᠦᠴᠡ ᠶᠢ

ᠲᠠᠰᠤᠷᠠᠯᠳᠠ ᠦᠭᠡᠢ ᠲᠡᠭᠦᠯᠳᠡᠷᠵᠢᠭᠦᠯᠵᠦ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ᠪᠣᠯᠣᠨ︽ᠠᠮᠤ ᠪᠤᠳᠠᠭ᠎ᠠ ᠵᠢᠭᠠᠰᠤᠨ ᠤ ᠦᠢᠯᠡᠰ ᠤᠨ ᠬᠤᠩᠭᠢᠯ︾

 ᠤᠨ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠲᠣᠭᠲᠠᠭᠠᠵᠤ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ

ᠦᠷ᠎ᠡ ᠪᠦᠲᠦᠮᠵᠢ ᠣᠯᠬᠤ ᠶᠢ ᠠᠬᠢᠭᠤᠯᠵᠤ᠂︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠺᠠᠮᠪᠤᠵᠠ ᠶᠢᠨ︽ᠲᠠᠪᠤᠨ

ᠥᠨᠴᠥᠭᠲᠦ ᠪᠠᠶᠢᠯᠳᠤᠬᠤ ᠪᠣᠳᠣᠯᠭ᠎ᠠ︾ ᠶᠢᠨ ᠴᠢᠨᠠᠷ ᠰᠠᠶᠢᠲᠠᠢ ᠵᠣᠯᠭᠠᠯᠴᠠᠭ᠎ᠠ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃

ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ ᠪᠣᠯᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠲᠠᠰᠤᠷᠠᠯᠳᠠ

ᠦᠭᠡᠢ ᠭᠠᠷᠴᠤ᠂ ᠡᠯ᠎ᠡ ᠤᠯᠤᠰ ᠤᠨ ᠠᠷᠭᠠᠴᠠᠭᠠᠯᠲᠠ ᠪᠠ ᠰᠣᠩᠭᠤᠯᠲᠠ ᠶᠢ ᠰᠢᠯᠭᠠᠵᠤ ᠪᠠᠶᠢᠨ᠎ᠠ᠃ ᠳᠤᠮᠳᠠᠳᠤ ᠺᠠᠮᠪᠤᠵᠠ ᠬᠤᠶᠠᠷ ᠤᠯᠤᠰ ᠪᠦᠷ ᠳᠡᠯᠡᠬᠡᠢ ᠶᠢᠨ ᠡᠩᠬᠡ

ᠲᠠᠶᠢᠪᠤᠩ ᠤᠨ ᠬᠦᠴᠦᠨ᠂ ᠬᠥᠭᠵᠢᠯᠲᠡ ᠶᠢᠨ ᠬᠦᠴᠦᠨ᠂ ᠳᠠᠪᠰᠢᠯᠲᠠ ᠶᠢᠨ ᠬᠦᠴᠦᠨ ᠪᠤᠯᠬᠤ ᠪᠠᠷ ᠴᠢᠷᠮᠠᠶᠢᠵᠤ ᠪᠠᠶᠢᠨ᠎ᠠ᠃ ᠳᠤᠮᠳᠠᠳᠤ ᠤᠯᠤᠰ ᠺᠠᠮᠪᠤᠵᠠ ᠶᠢᠨ ᠬᠢᠨ ᠤ

ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠨᠡᠩ ᠶᠡᠭᠡ ᠦᠢᠯᠡᠳᠦᠯ ᠦᠵᠡᠭᠦᠯᠭᠦ ᠶᠢ ᠦᠷᠭᠦᠯᠵᠢᠯᠡᠨ ᠲᠡᠮᠵᠢᠵᠥ᠂ ︽ᠪᠦᠭᠦ ᠪᠥᠮᠪᠥᠷᠴᠡᠭ ᠤᠨ

ᠬᠥᠭᠵᠢᠵᠦ ᠪᠠᠶᠢᠭ᠎ᠠ ᠤᠯᠤᠰ ᠤᠳ︾ ᠤᠨ ᠬᠦᠴᠦᠨ ᠢ ᠪᠤᠵᠠᠭᠠᠶᠢᠷᠠᠭᠤᠯᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ

ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠭᠤᠣᠯ ᠪᠤᠯᠬᠤ ᠪᠠᠶᠢᠷᠢ ᠰᠠᠭᠤᠷᠢ ᠪᠠᠨ ᠬᠠᠮᠠᠭᠠᠯᠠᠬᠤ ᠶᠢ ᠲᠡᠮᠵᠢᠵᠥ᠂ ᠭᠠᠳᠠᠭᠠᠳᠤ ᠶᠢᠨ ᠬᠦᠴᠦᠨ ᠤ ᠬᠦᠢᠲᠡᠨ

ᠲᠠᠶᠢᠨ ᠤ ᠰᠡᠳᠬᠢᠬᠦᠢ ᠶᠢ ᠲᠤᠰ ᠭᠠᠵᠠᠷ ᠣᠷᠣᠨ ᠳᠤ ᠣᠷᠣᠭᠤᠯᠬᠤ ᠶᠢ ᠡᠷᠡᠰ ᠡᠰᠡᠷᠭᠦᠴᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ

ᠨᠢᠭᠡ ᠴᠣᠭᠴᠠᠵᠢᠯᠲᠠ ᠪᠣᠯᠣᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ

ᠺᠠᠮᠪᠤᠵᠠ ᠶᠢᠨ ᠬᠢᠨ ᠲᠠᠢ ᠵᠠᠮ ᠢᠶᠠᠨ ᠦᠯᠦ ᠬᠤᠪᠢᠷᠠᠭᠤᠯᠬᠤ᠂ ᠵᠣᠷᠢᠭ ᠢᠶᠠᠨ ᠦᠯᠦ ᠬᠤᠪᠢᠷᠠᠭᠤᠯᠬᠤ ᠬᠦᠰᠡᠯ ᠪᠤᠳᠤᠯ ᠢᠶᠠᠨ ᠪᠠᠲᠤᠳᠬᠠᠵᠤ᠂ ᠬᠤᠷᠢᠭ᠎ᠠ ᠱᠤᠭᠤᠮ ᠤᠨ

ᠰᠡᠳᠬᠢᠬᠦᠢ ᠪᠠᠨ ᠴᠢᠩᠭᠠᠳᠬᠠᠵᠤ᠂ ᠬᠠᠮᠵᠢᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠬᠠᠮᠲᠤ ᠪᠠᠷ ᠠᠷᠭᠠᠴᠠᠭᠠᠨ᠎ᠠ

ᠭᠡᠵᠦ ᠵᠢᠭᠠᠵᠤ ᠭᠠᠷᠭᠠᠪᠠ᠃

      ᠬᠤᠩᠰᠧᠨ᠂ ᠺᠠᠮᠪᠤᠵᠠ ᠳᠤᠮᠳᠠᠳᠤ ᠶᠢᠨ ᠨᠥᠬᠦᠷᠯᠡᠯ ᠢ ᠬᠤᠶᠠᠷ ᠲᠠᠯ᠎ᠠ ᠶᠢᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠬᠠᠮᠲᠤ ᠪᠠᠷ ᠲᠣᠭᠲᠠᠭᠠᠵᠤ᠂

ᠲᠡᠦᠬᠡ ᠪᠠ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠬᠤᠶᠠᠷ ᠲᠠᠯ᠎ᠠ ᠶᠢᠨ

ᠬᠠᠮᠲᠤ ᠶᠢᠨ ᠠᠰᠢᠭ ᠲᠤᠰᠠ ᠳᠤ ᠨᠡᠶᠢᠴᠡᠵᠦ ᠪᠠᠶᠢᠨ᠎ᠠ᠃ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠺᠠᠮᠪᠤᠵᠠ ᠶᠢᠨ ᠤᠯᠤᠰ ᠲᠦᠷᠦ ᠠᠵᠤ ᠠᠬᠤᠢ

ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠺᠠᠮᠪᠤᠵᠠ ᠶᠢᠨ ᠬᠢᠨ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ

ᠪᠣᠯ ᠺᠠᠮᠪᠤᠵᠠ ᠶᠢᠨ ᠬᠠᠮᠤᠭ ᠤᠨ ᠢᠲᠡᠭᠡᠮᠵᠢᠲᠡᠢ ᠨᠠᠶᠢᠵᠠ ᠮᠥᠨ᠃ ᠳᠤᠮᠳᠠᠳᠤ ᠤᠯᠤᠰ ᠯᠤᠭ᠎ᠠ ᠨᠦᠭᠦᠷᠰᠡᠭ ᠪᠠᠶᠢᠬᠤ ᠪᠣᠯ ᠺᠠᠮᠪᠤᠵᠠ ᠶᠢᠨ ᠠᠷᠠᠳ ᠤᠨ ᠨᠠᠮ ᠤᠨ ᠪᠠᠲᠤ

ᠴᠢᠩᠭ᠎ᠠ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠣᠯᠣᠨ᠎ᠠ᠂ ᠺᠠᠮᠪᠤᠵᠠ ᠶᠢᠨ ᠤᠳᠤᠷᠢᠳᠬᠤ ᠳᠠᠪᠬᠤᠷᠭ᠎ᠠ ᠶᠢᠨ ᠦᠶ᠎ᠡ ᠰᠣᠯᠢᠭᠳᠠᠬᠤ ᠠᠴᠠ ᠪᠣᠯᠵᠤ ᠬᠤᠪᠢᠷᠠᠯᠲᠠ

ᠭᠠᠷᠬᠤ ᠦᠭᠡᠢ ᠶᠤᠮ᠃ ᠺᠠᠮᠪᠤᠵᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠦᠷᠭᠦᠯᠵᠢᠯᠡᠨ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ

ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠮ ᠤᠨ ᠬᠤᠭᠤᠷᠣᠨᠳᠣᠭᠢ ᠶᠠᠪᠤᠯᠴᠠᠭ᠎ᠠ ᠪᠠᠨ ᠪᠦᠭᠦ

ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ

ᠠᠬᠢᠭᠤᠯᠵᠤ᠂ ᠵᠠᠯᠠᠭᠤᠴᠤᠳ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ

ᠦᠢᠯᠡᠳᠦᠨ᠎ᠡ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠵᠣᠬᠢᠴᠠᠭᠤᠯᠭ᠎ᠠ

ᠬᠠᠮᠵᠢᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃

      ᠼᠠᠢ ᠴᠢ᠂ ᠸᠠᠩ ᠢ ᠬᠡᠯᠡᠯᠴᠡᠭᠡ ᠳᠤ ᠣᠷᠣᠯᠴᠠᠪᠠ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ