ᠰᠢ ᠶᠢᠨ ᠫᠢᠩ ᠨᠧᠫᠠᠯ ᠤᠨ ᠶᠡᠷᠦᠩᠬᠡᠢ ᠰᠠᠶᠢᠳ ᠤᠤᠯᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/6
      12 ᠰᠠᠷ᠎ᠠ ᠶᠢᠨ 3 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠨᠧᠫᠠᠯ ᠤᠨ ᠶᠡᠷᠦᠩᠬᠡᠢ ᠰᠠᠶᠢᠳ ᠤᠤᠯᠢ ᠲᠠᠢ ᠠᠭᠤᠯᠵᠠᠪᠠ᠃      ᠰᠢ ᠶᠢᠨ ᠫᠢᠩ ᠤᠤᠯᠢ ᠶᠢᠨ ᠤᠷᠳᠤ ᠬᠤᠭᠤᠴᠠᠭᠠᠨ ᠤ ᠲᠤᠷᠰᠢ ᠳᠤᠮᠳᠠᠳᠤ ᠨᠧᠫᠠᠯ ᠤᠨ ᠨᠥᠭᠦᠷᠰᠡᠭ ᠦᠢᠯᠡᠰ ᠤᠨ ᠲᠥᠯᠥᠭᠡ ᠡᠷᠡᠰ ᠴᠢᠷᠮᠠᠶᠢᠭᠰᠠᠨ ᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠪᠣᠯᠣᠨ ᠨᠧᠫᠠᠯ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠮᠥᠨ᠂ ᠬᠤᠶᠠᠷ ᠤᠯᠤᠰ ᠢᠮᠠᠭᠲᠠ ᠦᠨᠡᠨᠴᠢ ᠪᠠᠷ ᠬᠠᠨᠳᠤᠵᠤ᠂ ᠬᠠᠷᠢᠯᠴᠠᠨ ᠭᠦᠨᠳᠦᠳᠭᠡᠵᠦ᠂ ᠬᠠᠷᠢᠯᠴᠠᠨ ᠲᠡᠮᠵᠢᠵᠥ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠭᠰᠠᠭᠠᠷ ᠢᠷᠡᠵᠠᠢ᠃ ᠢᠷᠡᠬᠦ ᠵᠢᠯ ᠪᠣᠯ ᠳᠤᠮᠳᠠᠳᠤ ᠨᠧᠫᠠᠯ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠣᠯᠣᠨ᠎ᠠ᠃ ᠳᠤᠮᠳᠠᠳᠤ ᠤᠯᠤᠰ ᠳᠤᠮᠳᠠᠳᠤ ᠨᠧᠫᠠᠯ ᠤᠨ ᠬᠠᠷᠢᠯᠴᠠᠭ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠴᠢᠬᠤᠯᠠ ᠪᠠᠶᠢᠷᠢᠨ ᠳᠤ ᠲᠠᠯᠪᠢᠵᠤ᠂ ᠳᠤᠷᠠᠲᠠᠶ᠎ᠠ ᠨᠧᠫᠠᠯ ᠤᠨ ᠬᠢᠨ ᠲᠠᠢ ᠬᠠᠷᠢᠯᠴᠠᠭ᠎ᠠ ᠪᠠᠶᠢᠭᠤᠯᠬᠤ ᠤᠭ ᠰᠠᠨᠠᠭ᠎ᠠ ᠪᠠᠨ ᠪᠠᠷᠢᠮᠲᠠᠯᠠᠵᠤ᠂ ᠤᠯᠠᠮᠵᠢᠯᠠᠯᠲᠤ ᠨᠥᠬᠦᠷᠯᠡᠯ ᠢᠶᠠᠨ ᠪᠠᠬᠢᠵᠢᠭᠦᠯᠵᠦ᠂ ᠳᠤᠮᠳᠠᠳᠤ ᠨᠧᠫᠠᠯ ᠤᠨ ᠬᠥᠭᠵᠢᠯᠲᠡ ᠪᠠ ᠴᠡᠴᠡᠭᠯᠡᠯ ᠳᠤ ᠬᠠᠨᠳᠤᠭᠤᠯᠤᠭᠰᠠᠨ ᠦᠶ᠎ᠡ ᠦᠶ᠎ᠡ ᠶᠢᠨ ᠨᠥᠭᠦᠷᠰᠡᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠨᠧᠫᠠᠯ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠰᠣᠩᠭᠤᠬᠤ ᠶᠢ ᠭᠦᠨᠳᠦᠳᠭᠡᠵᠦ᠂ ᠨᠧᠫᠠᠯ ᠤᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠲᠡᠮᠵᠢᠨ᠎ᠡ᠂ ᠳᠤᠷᠠᠲᠠᠶ᠎ᠠ ᠨᠧᠫᠠᠯ ᠤᠨ ᠬᠢᠨ ᠲᠠᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠡ ᠦᠭᠡᠢ ᠪᠠᠬᠢᠵᠢᠭᠦᠯᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠡᠷᠡᠰ ᠳᠡᠮᠵᠢᠯᠴᠡᠨ᠎ᠡ᠃ ᠳᠤᠮᠳᠠᠳᠤ ᠨᠧᠫᠠᠯ ᠤᠨ ᠾᠢᠮᠠᠯᠠᠶ᠎ᠠ ᠶᠢ ᠰᠤᠨᠳᠠᠯᠠᠭᠰᠠᠨ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠲᠣᠣᠷ ᠤᠨ ᠪᠠᠶᠢᠭᠤᠯᠤᠯᠲᠠ ᠠᠯᠬᠤᠮ ᠠᠯᠬᠤᠮ ᠢᠶᠠᠷ ᠵᠢᠱᠢᠯᠲᠡ ᠠᠴᠠ ᠪᠠᠨ ᠪᠣᠳᠠᠲᠤ ᠠᠬᠤᠢ ᠪᠣᠯᠣᠨ ᠬᠤᠪᠢᠷᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠨᠧᠫᠠᠯ ᠤᠨ ᠬᠢᠨ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠬᠢᠯᠢ ᠶᠢᠨ ᠪᠣᠭᠤᠮᠲᠠ᠂ ᠵᠠᠮ ᠬᠠᠷᠢᠯᠴᠠᠭ᠎ᠠ᠂ ᠴᠠᠭᠢᠯᠭᠠᠨ ᠲᠣᠣᠷ᠂ ᠴᠢᠮᠡᠭᠡ ᠬᠤᠯᠪᠤᠭ᠎ᠠ ᠵᠡᠷᠭᠡ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠧᠫᠠᠯ ᠤᠨ ︽ᠡᠬᠡ ᠬᠠᠭᠤᠷᠠᠢ ᠶᠢᠨ ᠲᠦᠭᠵᠢᠮᠡᠯ ᠤᠯᠤᠰ︾ ᠪᠠᠶᠢᠭᠰᠠᠨ ᠠᠴᠠ ᠪᠠᠨ︽ᠡᠬᠡ ᠬᠠᠭᠤᠷᠠᠢ ᠶᠢᠨ ᠬᠤᠯᠪᠣᠭᠠᠲᠤ ᠤᠯᠤᠰ︾ ᠪᠣᠯᠵᠤ ᠬᠤᠪᠢᠷᠠᠬᠤ ᠶᠢ ᠬᠠᠪᠰᠤᠷᠴᠤ᠂ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠨᠧᠫᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠧᠫᠠᠯ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ ᠵᠣᠷᠢᠭᠵᠢᠭᠤᠯᠤᠨ᠎ᠠ᠃ ᠳᠤᠮᠳᠠᠳᠤ ᠤᠯᠤᠰ ᠨᠧᠫᠠᠯ ᠤᠨ ᠳᠤᠮᠳᠠᠳᠤ ᠤᠯᠤᠰ ᠲᠤ 2025 ᠣᠨ ᠢ ︽ᠨᠧᠫᠠᠯ ᠤᠨ ᠵᠢᠭᠤᠯᠴᠢᠯᠠᠯ ᠤᠨ ᠣᠨ︾ ᠪᠤᠯᠭᠠᠬᠤ ᠪᠠᠷ ᠨᠡᠶᠢᠲᠡᠯᠡᠬᠦ ᠶᠢ ᠳᠡᠮᠵᠢᠵᠦ᠂ ᠨᠧᠫᠠᠯ ᠤᠨ ᠨᠠᠶᠢᠵᠠ ᠨᠠᠷ ᠤᠨ ᠳᠤᠮᠳᠠᠳᠤ ᠤᠯᠤᠰ ᠲᠤ ᠢᠷᠡᠵᠦ ᠬᠤᠳᠠᠯᠳᠤᠭ᠎ᠠ ᠡᠷᠭᠢᠯᠡᠭᠦ᠂ ᠵᠢᠭᠤᠯᠴᠢᠯᠠᠬᠤ᠂ ᠭᠠᠳᠠᠭᠠᠳᠤ ᠳᠤ ᠰᠤᠷᠤᠯᠴᠠᠬᠤ ᠶᠢ ᠪᠠᠶᠠᠷᠯᠠᠨ ᠤᠭᠲᠤᠨ᠎ᠠ᠃ ᠳᠤᠮᠳᠠᠳᠤ ᠤᠯᠤᠰ ᠪᠠᠰᠠ ᠳᠤᠷᠠᠲᠠᠶ᠎ᠠ ᠨᠧᠫᠠᠯ ᠤᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠤᠤᠯᠢ᠂ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠡᠦᠬᠡᠨ ᠳᠠᠬᠢ ᠭᠠᠶᠢᠬᠠᠮᠰᠢᠭ ᠬᠡᠮᠡᠭᠳᠡᠪᠡ᠂ ᠳᠤᠮᠳᠠᠳᠤ ᠤᠯᠤᠰ ᠤᠨ ᠨᠠᠶᠢᠵᠠ ᠪᠣᠯᠤᠭᠰᠠᠨ ᠤ ᠬᠤᠪᠢ ᠳᠤ᠂ ᠨᠧᠫᠠᠯ ᠤᠨ ᠬᠢᠨ ᠲᠤᠶᠢᠯ ᠢᠶᠠᠷ ᠣᠮᠣᠭᠰᠢᠨ ᠵᠣᠷᠢᠭᠵᠢᠵᠤ ᠪᠠᠶᠢᠨ᠎ᠠ᠂ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠲᠤᠰ ᠪᠡᠶ᠎ᠡ ᠶᠢᠨ ᠬᠥᠭᠵᠢᠯ ᠴᠡᠴᠡᠭᠯᠡᠯ ᠢᠶᠠᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠨᠧᠫᠠᠯ ᠳᠤᠮᠳᠠᠳᠤ ᠶᠢᠨ ᠬᠤᠭᠤᠷᠣᠨᠳᠤ ᠵᠥᠪᠭᠡᠨ ᠨᠥᠬᠦᠷᠯᠡᠯ ᠪᠠᠶᠢᠬᠤ ᠠᠴᠠ ᠪᠢᠰᠢ ᠠᠰᠠᠭᠤᠳᠠᠯ ᠦᠭᠡᠢ᠂ ᠬᠤᠶᠠᠷ ᠤᠯᠤᠰ ᠤᠨ ᠬᠠᠷᠢᠯᠴᠠᠭ᠎ᠠ ᠨᠥᠭᠦᠷᠰᠡᠭ᠂ ᠡᠷᠬᠡ ᠲᠡᠭᠰᠢ ᠪᠠ ᠬᠦᠨᠳᠦᠳᠬᠡᠯ ᠳᠤ ᠰᠠᠭᠤᠷᠢᠯᠠᠭᠰᠠᠨ ᠶᠤᠮ᠃ ᠳᠤᠮᠳᠠᠳᠤ ᠤᠯᠤᠰ ᠤᠨ ᠬᠢᠨ ᠭᠠᠴᠢᠭᠳᠠᠯ ᠲᠠᠢ ᠦᠶ᠎ᠡ ᠳᠤ ᠲᠤᠰᠠᠯᠠᠵᠤ᠂ ᠨᠧᠫᠠᠯ ᠳᠤ ᠡᠯ᠎ᠡ ᠵᠦᠢᠯ ᠤᠨ ᠡᠷᠬᠢᠮ ᠨᠠᠨᠳᠢᠨ ᠳᠡᠮᠵᠢᠯᠭᠡ ᠬᠠᠩᠭᠠᠵᠤ᠂ ᠨᠧᠫᠠᠯ ᠤᠨ ᠬᠢᠨ ᠢ ᠬᠠᠪᠰᠤᠷᠤᠨ︽ᠡᠬᠡ ᠬᠠᠭᠤᠷᠠᠢ ᠶᠢᠨ ᠲᠦᠭᠵᠢᠮᠡᠯ ᠤᠯᠤᠰ︾ ᠪᠠᠶᠢᠭᠰᠠᠨ ᠠᠴᠠ ︽ᠡᠬᠡ ᠬᠠᠭᠤᠷᠠᠢ ᠶᠢᠨ ᠬᠤᠯᠪᠣᠭᠠᠲᠤ ᠤᠯᠤᠰ︾ ᠪᠣᠯᠭᠠᠨ ᠬᠤᠪᠢᠷᠠᠭᠤᠯᠤᠭᠰᠠᠨ ᠳᠤ ᠲᠠᠯᠠᠷᠬᠠᠵᠤ ᠪᠠᠶᠢᠨ᠎ᠠ᠃ ᠨᠧᠫᠠᠯ ᠤᠨ ᠬᠢᠨ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠧᠫᠠᠯ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠲᠥᠪᠡᠳ ᠪᠣᠯᠣᠨ ᠲᠠᠶᠢᠸᠠᠨ ᠪᠣᠯ ᠴᠥᠮ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠨᠧᠫᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠭᠤᠶᠢᠪᠢᠰᠢ ᠦᠭᠡᠢ ᠵᠢᠷᠤᠮᠯᠠᠵᠤ᠂ ᠶᠠᠮᠠᠷᠪᠠ ᠬᠦᠴᠦᠨ ᠤ ᠨᠧᠫᠠᠯ ᠤᠨ ᠨᠤᠲᠤᠭ ᠳᠡᠪᠢᠰᠬᠡᠷ ᠢ ᠠᠰᠢᠭᠯᠠᠨ ᠳᠤᠮᠳᠠᠳᠤ ᠤᠯᠤᠰ ᠢ ᠡᠰᠡᠷᠭᠦᠴᠡᠬᠦ ᠠᠵᠢᠯᠯᠠᠭ᠎ᠠ ᠬᠢᠵᠦ᠂ ᠳᠤᠮᠳᠠᠳᠤ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠶᠢ ᠵᠥᠪᠰᠢᠶᠡᠷᠡᠬᠦ ᠦᠭᠡᠢ᠂ ᠶᠠᠮᠠᠷᠪᠠ ᠭᠠᠳᠠᠭᠠᠳᠤ ᠤᠯᠤᠰ ᠤᠨ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠵᠡᠷᠭᠡ ᠰᠢᠷᠢᠰ ᠴᠢᠬᠤᠯᠠ ᠰᠠᠨᠠᠭᠠᠴᠢᠯᠠᠭ᠎ᠠ ᠨᠢ ᠬᠥᠮᠥᠨ ᠲᠥᠷᠥᠯᠬᠢᠲᠡᠨ ᠤ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠳᠤ ᠠᠰᠢᠭᠲᠠᠢ ᠶᠤᠮ᠂ ᠨᠧᠫᠠᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃      ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠨᠧᠫᠠᠯ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃      ᠸᠠᠩ ᠢ ᠠᠭᠤᠯᠵᠠᠯᠲᠠ ᠳᠤ ᠣᠷᠣᠯᠴᠠᠵᠠᠢ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ