ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢ ᠴᠢᠷᠮᠠᠶᠢᠨ ᠪᠠᠶᠢᠭᠤᠯᠵᠤ ᠮᠠᠨ ᠤ ᠴᠡᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/12/8
      ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 4 ᠤ ᠡᠳᠦᠷ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠳᠤ ᠠᠵᠢᠯ ᠪᠠᠶᠢᠴᠠᠭᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠩᠬᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ ᠲᠡᠷᠡ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠢ ᠪᠠᠷ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ ᠴᠡᠷᠢᠭ ᠠᠩᠭᠢ ᠶᠢᠨ ᠰᠠᠭᠤᠷᠢ ᠶᠢ ᠪᠠᠬᠢᠵᠢᠭᠦᠯᠵᠦ᠂ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢ ᠴᠢᠷᠮᠠᠶᠢᠨ ᠪᠠᠶᠢᠭᠤᠯᠵᠤ᠂ ᠮᠠᠨ ᠤ ᠴᠡᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

6386907484306365852561736.png

      12 ᠰᠠᠷ᠎ᠠ ᠶᠢᠨ  4 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ  ᠲᠥᠪ ᠬᠤᠷᠢᠶ᠎ᠠ ᠶᠢᠨ  ᠶᠡᠷᠦᠩᠬᠡᠢ ᠱᠦᠵᠢ᠂ ᠤᠯᠤᠰ ᠤᠨ  ᠲᠡᠷᠢᠭᠦᠯᠡᠭᠴᠢ᠂

ᠲᠥᠪ ᠤᠨ  ᠴᠡᠷᠢᠭ ᠤᠨ  ᠶᠠᠪᠤᠳᠠᠯ ᠤᠨ  ᠬᠤᠷᠢᠶ᠎ᠠ ᠶᠢᠨ  ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠳᠤ ᠠᠵᠢᠯ

ᠪᠠᠶᠢᠴᠠᠭᠠᠵᠤ᠂ ᠨᠠᠮ ᠤᠨ  ᠲᠥᠪ ᠬᠤᠷᠢᠶ᠎ᠠ  ᠪᠣᠯᠣᠨ ᠲᠥᠪ ᠤᠨ  ᠴᠡᠷᠢᠭ ᠤᠨ  ᠶᠠᠪᠤᠳᠠᠯ ᠤᠨ ᠬᠤᠷᠢᠶᠠᠨ ᠤ ᠡᠮᠦᠨ᠎ᠡ  ᠠᠴᠠ ᠮᠡᠳᠡᠭᠡ ᠵᠠᠩᠭᠢ ᠶᠢᠨ ᠲᠤᠰᠠᠯᠠᠮᠵᠢ

ᠦᠵᠡᠭᠦᠯᠭᠦ ᠴᠡᠷᠢᠭ ᠠᠩᠭᠢ ᠶᠢᠨ ᠠᠩᠬᠠᠳᠤᠭᠠᠷ ᠤᠳᠠᠭ᠎ᠠ  ᠶᠢᠨ ᠨᠠᠮ ᠤᠨ  ᠲᠥᠯᠥᠭᠡᠯᠡᠭᠴᠢᠳ ᠤᠨ ᠶᠡᠭᠡ ᠬᠤᠷᠠᠯ ᠤᠨ  ᠬᠤᠷᠠᠯᠳᠤᠭᠰᠠᠨ ᠳᠤ ᠬᠠᠯᠠᠭᠤᠨ ᠪᠠᠶᠠᠷ

ᠬᠦᠷᠭᠡᠵᠦ᠂ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠪᠦᠭᠦ ᠳᠠᠷᠤᠭ᠎ᠠ  ᠪᠠᠶᠢᠯᠳᠤᠭᠴᠢᠳ ᠲᠤ ᠴᠢᠩ ᠰᠡᠳᠬᠢᠯ ᠤᠨ  ᠮᠡᠨᠳᠦᠴᠢᠯᠡᠯ

ᠬᠦᠷᠭᠡᠪᠡ᠃ ᠵᠢᠷᠤᠭ ᠪᠣᠯ ᠰᠢ ᠶᠢᠨ ᠫᠢᠩ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ  ᠪᠠᠶᠢᠭ᠎ᠠ ᠨᠢ᠃ 

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ

      ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠪᠣᠯ ᠴᠡᠷᠢᠭ ᠤᠨ ᠲᠥᠷᠥᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ

ᠥᠭᠡᠷᠡᠴᠢᠯᠡᠯᠲᠡ ᠳᠤᠮᠳᠠ ᠰᠢᠨ᠎ᠡ ᠪᠠᠷ ᠵᠣᠬᠢᠶᠠᠨ ᠪᠠᠶᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠡᠷᠢᠭ ᠤᠨ ᠲᠥᠷᠥᠯ ᠪᠣᠯᠣᠨ᠎ᠠ᠂ ᠰᠢ ᠶᠢᠨ ᠫᠢᠩ ᠡᠨᠡ

ᠵᠢᠯ ᠤᠨ 4 ᠰᠠᠷ᠎ᠠ ᠳᠤ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠦᠭᠡ ᠬᠡᠯᠡᠪᠡ᠃

      ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠪᠠᠶᠢᠭᠤᠯᠭ᠎ᠠ ᠳᠤ

ᠬᠦᠷᠴᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠩᠬᠠᠳᠤᠭᠠᠷ ᠤᠳᠠᠭ᠎ᠠ ᠶᠢᠨ ᠨᠠᠮ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠦᠭᠦ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠤᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ

ᠦᠯᠡᠳᠡᠭᠡᠪᠡ᠃

      ᠲᠠᠷᠠᠭ᠎ᠠ ᠨᠢ᠂ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ

ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ

ᠴᠡᠷᠢᠭ ᠤᠨ ᠶᠠᠪᠤᠳᠠᠯ ᠤᠨ ᠬᠤᠪᠢᠰᠬᠠᠯ ᠦᠳᠲᠡᠷ ᠲᠦᠷᠭᠡᠨ ᠬᠥᠭᠵᠢᠵᠦ᠂ ᠲᠡᠶᠢᠨ ᠪᠠᠶᠢᠯᠳᠤᠭᠠᠨ ᠤ ᠭᠡᠯᠪᠡᠷᠢ ᠲᠦᠷᠭᠡᠨ ᠬᠤᠪᠢᠷᠠᠵᠤ᠂ ᠰᠦᠯᠵᠢᠶᠡᠨ ᠤ ᠮᠡᠳᠡᠭᠡ

ᠵᠠᠩᠭᠢ ᠶᠢᠨ ᠰᠢᠰᠲ᠋ᠧᠮ ᠤᠨ ᠣᠲᠣ ᠦᠶ᠎ᠡ ᠶᠢᠨ ᠲᠡᠶᠢᠨ ᠪᠠᠶᠢᠯᠳᠤᠭᠠᠨ ᠳᠠᠬᠢ ᠪᠠᠶᠢᠷᠢ ᠰᠠᠭᠤᠷᠢ ᠦᠢᠯᠡᠳᠦᠯ ᠤᠷᠢᠳ ᠡᠮᠦᠨ᠎ᠡ ᠪᠠᠶᠢᠭ᠎ᠠ ᠦᠭᠡᠢ ᠲᠣᠪᠣᠶᠢᠮ᠎ᠠ ᠪᠣᠯᠵᠤ

ᠪᠠᠶᠢᠨ᠎ᠠ᠃ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠪᠣᠯ ᠡᠩ ᠲᠡᠷᠢᠭᠦᠨ ᠳᠤ ᠨᠢᠭᠡᠨ ᠲᠠᠶᠢᠴᠢᠨ ᠠᠩᠭᠢ ᠮᠥᠨ᠂ ᠴᠡᠷᠢᠭ ᠢ ᠬᠦᠴᠦᠷᠬᠡᠭᠵᠢᠭᠦᠯᠦᠨ

ᠲᠠᠶᠢᠨ ᠳᠤ ᠢᠯᠠᠯᠲᠠ ᠣᠯᠬᠤ ᠥᠨᠳᠥᠷᠴᠡ ᠠᠴᠠ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠶᠢᠯ ᠤᠨ ᠴᠢᠬᠤᠯᠠ ᠴᠢᠨᠠᠷ ᠢ

ᠭᠦᠢᠴᠡᠳ ᠲᠠᠨᠢᠵᠤ᠂ ᠡᠭᠦᠷᠭᠡᠯᠡᠵᠦ ᠪᠠᠶᠢᠭ᠎ᠠ ᠲᠡᠦᠬᠡᠨ ᠬᠦᠨᠳᠦ ᠡᠭᠦᠷᠭᠡ ᠶᠢ ᠲᠣᠳᠣᠷᠬᠠᠢ ᠲᠠᠨᠢᠵᠤ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ

ᠪᠠ ᠲᠠᠶᠢᠨ ᠳᠤ ᠪᠡᠯᠡᠳᠬᠡᠵᠦ ᠲᠠᠶᠢᠨ ᠬᠢᠬᠦ ᠳᠤ ᠦᠢᠯᠡᠴᠢᠯᠡᠬᠦ ᠲᠤᠯᠭᠠᠭᠤᠷᠢᠯᠠᠬᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂

ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂

ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠲᠠᠶᠢᠨ

ᠬᠢᠵᠦ ᠳᠡᠶᠢᠯᠭᠦ᠂ ᠢᠯᠠᠭᠤᠭᠰᠠᠨ ᠲᠠᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠭᠡᠯᠪᠡᠷᠢ ᠶᠢ

ᠰᠢᠯᠢᠳᠡᠭᠵᠢᠭᠦᠯᠵᠦ᠂ ᠰᠦᠯᠵᠢᠶᠡᠨ ᠤ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠨ ᠪᠥᠭᠡᠳ

ᠯᠠᠪᠳᠠᠭᠤᠨ ᠢᠶᠠᠷ ᠠᠬᠢᠭᠤᠯᠵᠤ᠂ ᠡᠯ᠎ᠡ ᠲᠦᠷᠦᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠰᠠᠶᠢᠲᠤᠷ ᠠᠭᠤᠰᠤᠯᠴᠠᠭᠤᠯᠤᠨ ᠠᠰᠢᠭᠯᠠᠵᠤ᠂ ᠰᠦᠯᠵᠢᠶᠡᠨ ᠤ ᠮᠡᠳᠡᠭᠡ

ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠰᠲ᠋ᠧᠮ ᠳᠤ ᠠᠭᠤᠰᠤᠯᠴᠠᠬᠤ᠂ ᠰᠢᠰᠲ᠋ᠧᠮ ᠢᠶᠠᠷ

ᠬᠥᠳᠡᠯᠭᠡᠭᠦᠷ ᠪᠤᠯᠭᠠᠬᠤ᠂ ᠰᠢᠰᠲ᠋ᠧᠮ ᠳᠤ ᠡᠨᠧᠷᠭᠢ ᠣᠯᠭᠤᠬᠤ ᠶᠢ ᠲᠦᠷᠭᠡᠳᠬᠡᠨ᠂ ᠵᠢᠯᠤᠭᠤᠳᠬᠤ ᠵᠠᠭᠪᠤᠷ ᠤᠨ ᠰᠢᠨ᠎ᠡ ᠶᠢ ᠡᠭᠦᠳᠬᠦ᠂ ᠪᠠᠶᠢᠯᠳᠤᠭᠠᠨ ᠬᠢᠬᠦ ᠠᠷᠭ᠎ᠠ

ᠭᠡᠯᠪᠡᠷᠢ ᠶᠢᠨ ᠬᠤᠪᠢᠷᠠᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂

ᠠᠵᠢᠯ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠢ ᠢᠵᠢ ᠪᠦᠷᠢᠳᠦᠭᠦᠯᠦᠨ

ᠲᠡᠭᠦᠯᠳᠡᠷᠵᠢᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠵᠤ᠂ ᠰᠦᠯᠵᠢᠶᠡᠨ ᠤ

ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠨᠬᠭᠢ ᠨᠢ ᠶᠠᠭ ᠠᠩᠬ᠎ᠠ ᠪᠠᠶᠢᠭᠤᠯᠬᠤ ᠦᠶ᠎ᠡ ᠳᠤ ᠣᠷᠣᠰᠢᠵᠤ ᠪᠠᠶᠢᠨ᠎ᠠ᠂ ᠲᠣᠰ

ᠪᠡᠶ᠎ᠡ ᠶᠢᠨ ᠪᠠᠶᠢᠭᠤᠯᠤᠯᠲᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠰᠠᠭᠤᠷᠢ ᠲᠠᠯᠪᠢᠬᠤ᠂ ᠠᠯᠤᠰ ᠭᠡᠲᠦ ᠳᠤ ᠠᠰᠢᠭᠲᠠᠢ ᠠᠵᠢᠯ ᠢ ᠴᠢᠬᠤᠯᠠᠴᠢᠯᠠᠨ ᠰᠠᠶᠢᠲᠤᠷ ᠬᠢᠵᠦ᠂

ᠴᠡᠷᠢᠭ ᠠᠩᠭᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢᠨ ᠦᠨᠳᠦᠰᠦᠨ ᠵᠠᠷᠴᠢᠮ

ᠪᠣᠯᠣᠨ ᠪᠠᠶᠢᠭᠤᠯᠤᠯ ᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭᠠᠨ ᠤ ᠦᠨᠳᠦᠰᠦ ᠪᠤᠯᠬᠤ

ᠠᠰᠠᠭᠤᠳᠠᠯ ᠢ ᠴᠢᠩᠭ᠎ᠠ ᠠᠳᠬᠤᠵᠤ ᠦᠵᠡᠯ ᠰᠠᠨᠠᠭ᠎ᠠ ᠰᠤᠷᠲᠠᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠵᠦ᠂ ᠰᠤᠷᠲᠠᠯ ᠢ ᠲᠥᠪ ᠪᠤᠯᠭᠠᠵᠤ ᠰᠠᠬᠢᠯᠭ᠎ᠠ ᠪᠠᠲᠤ ᠶᠢ

ᠴᠢᠩᠳᠠᠯᠠᠨ ᠢᠯᠵᠠᠷᠠᠯ ᠢ ᠡᠰᠡᠷᠭᠦᠴᠡᠵᠦ᠂ ᠴᠡᠷᠢᠭ ᠠᠩᠭᠢ ᠶᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ

ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠩᠬᠠᠳᠤᠭᠠᠷ ᠬᠤᠭᠤᠴᠠᠭᠠᠨ ᠤ

ᠨᠠᠮ ᠤᠨ ᠬᠤᠷᠢᠶ᠎ᠠ ᠦᠢᠯᠡᠰ ᠪᠣᠰᠬᠠᠬᠤ ᠤᠬᠠᠮᠰᠠᠷ ᠪᠣᠯᠣᠨ ᠵᠠᠮ ᠨᠡᠭᠡᠭᠡᠬᠦ ᠵᠣᠷᠢᠭ ᠰᠠᠨᠠᠭ᠎ᠠ ᠪᠠᠨ ᠴᠢᠩᠭᠠᠳᠬᠠᠵᠤ᠂ ᠠᠩᠬᠠᠳᠠᠭᠴᠢ ᠬᠠᠷᠢᠭᠤᠴᠠᠯᠭ᠎ᠠ ᠪᠠᠨ ᠡᠭᠦᠷᠭᠡᠯᠡᠵᠦ᠂

ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠣᠨᠣᠪᠴᠢᠲᠠᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠡᠮᠦᠨ᠎ᠡ ᠹᠷᠣᠨᠲ ᠤᠨ ᠵᠢᠯᠤᠭᠤᠳᠬᠤ

ᠭᠠᠵᠠᠷ ᠪᠣᠯᠣᠨ ᠡᠮᠦᠨ᠎ᠡ ᠹᠷᠣᠨᠲ ᠤᠨ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ

ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠭᠦᠢᠴᠡᠳᠬᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠪᠦᠭᠦ ᠴᠥᠷᠬᠡᠯᠡᠭᠡ ᠵᠠᠮ ᠤᠨ ᠪᠠᠶᠢᠭᠤᠯᠤᠯᠲᠠ ᠶᠢ ᠠᠳᠬᠤᠬᠤ

ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ

ᠲᠣᠣᠷ ᠰᠦᠯᠵᠢᠶ᠎ᠡ ᠮᠡᠳᠡᠭᠡ ᠵᠠᠩᠭᠢ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ ᠣᠨᠣᠴᠠᠲᠠᠢ ᠪᠠᠷ ᠪᠦᠲᠦᠭᠡᠨ ᠪᠠᠶᠢᠭᠤᠯᠤᠯᠲᠠ ᠶᠢ ᠠᠳᠬᠤᠬᠤ ᠶᠢ

ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠵᠤ᠂ ᠳᠦᠷᠦᠯ ᠬᠤᠪᠢᠶᠠᠨ ᠵᠢᠯᠤᠭᠤᠳᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ

ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠴᠡᠷᠢᠭ ᠠᠩᠭᠢ ᠶᠢᠨ ᠵᠢᠩᠬᠢᠨᠢ ᠡᠮᠬᠢ ᠳᠢᠭᠯᠢᠮ ᠪᠣᠯᠣᠨ ᠠᠮᠤᠷ ᠲᠦᠪᠰᠢᠨ ᠲᠣᠭᠲᠠᠭᠤᠨ ᠢ

ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ ᠬᠠᠮᠤᠭ ᠰᠡᠭᠦᠯ ᠳᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂

ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠵᠢᠭᠠᠨ

ᠵᠢᠯᠤᠭᠤᠳᠴᠤ᠂ ᠡᠯ᠎ᠡ ᠨᠢᠭᠡᠴᠢ ᠶᠢᠨ ᠬᠢᠨ ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠬᠠᠮᠲᠤ ᠪᠠᠷ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢ

ᠰᠠᠶᠢᠲᠤᠷ ᠪᠦᠲᠦᠭᠡᠨ ᠪᠠᠶᠢᠭᠤᠯᠵᠤ᠂ ᠮᠠᠨ ᠤ ᠴᠡᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ

ᠬᠡᠷᠡᠭᠲᠡᠢ ᠭᠡᠵᠦ ᠴᠢᠬᠤᠯᠠᠴᠢᠯᠠᠪᠠ᠃

      ᠵᠠᠩ ᠶᠢᠦ ᠰᠢᠶᠠ᠂ ᠾᠧ ᠸᠧᠢ ᠳ᠋ᠦᠩ᠂ ᠯᠢᠦ ᠵᠧᠨ ᠯᠢ᠂ ᠵᠠᠩ ᠱᠧᠩ ᠮᠢᠨ ᠨᠠᠷ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ