12 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠳᠥᠷᠪᠡᠳᠦᠭᠡᠷ ᠤᠳᠠᠭ᠎ᠠ ᠶᠢᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠳᠠᠭᠠᠳᠤ | ᠨᠡᠭᠡᠭᠡᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ | ᠰᠠᠶᠢᠲᠠᠢ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ︽ᠰᠢᠨ᠎ᠡ ᠡᠨᠧᠷᠭᠢ ᠶᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ | ᠴᠡᠨᠡᠭ ᠤᠨ ᠦᠢᠯᠡᠳᠬᠦᠨ︾᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠠ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠴᠢᠷᠮᠠᠶᠢᠨ ᠪᠤᠵᠠᠭᠠᠶᠢᠷᠠᠭᠤᠯᠬᠤ ᠬᠡᠷᠡᠭᠲᠡᠢ᠃ ᠣᠷᠣᠰ ᠮᠣᠩᠭᠤᠯ ᠤᠨ ᠬᠤᠯᠪᠣᠭᠳᠠᠯ ᠪᠦᠬᠦᠢ | ᠲᠠᠯ᠎ᠠ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠬᠦᠴᠦᠯᠡᠨ ᠥᠷᠭᠡᠳᠬᠡᠬᠦ ᠬᠡᠷᠡᠭᠲᠡᠢ᠃ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠭᠦ ᠶᠢ ᠢᠳᠡᠪᠬᠢᠲᠡᠢ ᠠᠬᠢᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠢ ᠪᠠᠶᠢᠷᠢᠰᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠣᠷᠣᠨ ᠪᠦᠰᠡ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠳᠣᠲᠣᠭᠠᠳᠤ ᠨᠡᠭᠡᠭᠡᠯᠲᠡ ᠬᠢᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠵᠠᠮ ᠬᠠᠷᠢᠯᠴᠠᠭ᠎ᠠ ᠶᠢᠨ ᠪᠠᠷᠠᠭᠠᠨ ᠤ ᠭᠦᠢᠯᠭᠡᠭᠡ ᠶᠢ | ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ ᠂ ᠠᠷᠭ᠎ᠠ ᠪᠦᠭᠦᠨ ᠢ ᠰᠦᠪᠡᠭᠴᠢᠯᠡᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ | ᠲᠤᠬᠠᠢ ᠶᠢᠨ ᠭᠠᠵᠠᠷ ᠤᠨ ᠪᠠᠷᠠᠭᠠᠨ ᠤ ᠭᠦᠢᠯᠭᠡᠭᠡ ᠶᠢᠨ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠭᠡᠬᠦ ᠡᠨᠡ ᠬᠦ ᠴᠢᠬᠤᠯᠠ ᠶᠡᠭᠡ ᠵᠠᠷᠴᠢᠮ ᠢ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ | ᠠᠬᠢᠭᠤᠯᠬᠤ ᠪᠦᠭᠦ ᠶᠠᠪᠤᠴᠠ ᠳᠤ ᠤᠬᠠᠮᠰᠠᠷ ᠠᠴᠠ ᠪᠠᠨ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠲᠥᠪ ᠶᠣᠰᠣ ᠶᠢ ᠪᠠᠷᠢᠮᠲᠠᠯᠠᠬᠤ ᠶᠢᠨ ᠴᠢᠬᠤᠯᠠ ᠠᠭᠤᠯᠭ᠎ᠠ ᠪᠤᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠡᠨᠡ ᠬᠦ ᠭᠤᠣᠯ | ᠰᠢᠵᠢᠮ ᠲᠠᠢ ᠨᠢᠭᠲᠠ ᠤᠶᠠᠯᠳᠤᠭᠤᠯᠵᠤ᠂ ᠥᠴᠥᠬᠡᠨ ᠴᠦ ᠬᠡᠯᠪᠡᠶᠢᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠭᠰᠠᠨ | ᠤᠷᠢᠲᠠᠯ ᠳᠣᠣᠷ᠎ᠠ ᠢᠳᠡᠪᠬᠢᠲᠡᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ | ᠶᠡᠭᠡ ᠪᠠᠷ ᠪᠤᠢ ᠪᠤᠯᠭᠠᠵᠤ᠂ ᠥᠷᠭᠡᠨ ᠣᠯᠠᠨ ᠺᠠᠳ᠋ᠷ ᠤᠨ ᠴᠤᠴᠠᠯᠲᠠ ᠦᠭᠡᠢ ᠤᠷᠤᠭᠰᠢᠯᠠᠬᠤ ᠡᠷᠡᠰ ᠵᠣᠷᠢᠭ ᠪᠠ ᠰᠥᠰᠥ ᠵᠣᠷᠢᠭ ᠢᠶᠠᠷ ᠥᠭᠡᠷᠡᠴᠢᠯᠡᠯᠲᠡ ᠶᠢ ᠠᠳᠬᠤᠵᠤ᠂ | ᠬᠥᠭᠵᠢᠯᠲᠡ ᠶᠢ ᠠᠬᠢᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠣᠯᠣᠨ | ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠷᠺᠰ ᠤᠨ ᠦᠵᠡᠯ ᠤᠨ | ᠣᠨᠣᠯ ᠤᠨ ᠰᠤᠳᠤᠯᠭᠠᠨ ᠪᠣᠯᠣᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠤᠳᠤᠯᠵᠤ | ᠤᠬᠠᠭᠤᠯᠬᠤ ᠪᠠᠷ ᠦᠨᠳᠦᠰᠦᠨ ᠡᠭᠦᠷᠭᠡ ᠪᠤᠯᠭᠠᠵᠤ᠂ ᠰᠢᠰᠲ᠋ᠧᠮᠵᠢᠭᠰᠡᠨ ᠣᠨᠣᠯᠵᠢᠨ ᠶᠣᠰᠣᠵᠢᠭᠰᠠᠨ ᠰᠤᠳᠤᠯᠭᠠᠨ ᠪᠠ ᠲᠠᠶᠢᠯᠪᠤᠷᠢᠯᠠᠯᠲᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠲᠠᠢ ᠴᠠᠭ ᠦᠶ᠎ᠡ ᠶᠢᠨ ᠠᠰᠠᠭᠤᠳᠠᠯ ᠳᠤ ᠴᠠᠭ ᠲᠤᠬᠠᠢ ᠳᠤᠨᠢ ᠰᠢᠨᠵᠢᠯᠡᠬᠦ | ᠤᠬᠠᠭᠠᠨᠴᠢ ᠪᠠᠷ ᠬᠠᠷᠢᠭᠤᠯᠲᠠ ᠥᠭᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠳᠤ ᠥᠪᠥᠷ ᠮᠣᠩᠭᠤᠯ ᠤᠨ ᠬᠤᠪᠢ | ᠨᠡᠮᠡᠷᠢ ᠶᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠣᠨᠣᠯ ᠢ ᠠᠮᠢᠳᠤᠯᠢᠭ ᠶᠠᠷᠢᠵᠤ ᠂ ᠣᠨᠣᠯ ᠢ | ᠠᠷᠠᠳ ᠲᠦᠮᠡᠨ ᠤ ᠳᠡᠷᠭᠡᠳᠡ ᠬᠦᠷᠭᠡᠵᠦ᠂ ᠠᠷᠠᠳ ᠣᠯᠠᠨ ᠢ ᠰᠣᠨᠣᠰᠬᠤ ᠳᠤᠷᠠᠲᠠᠢ ᠪᠥᠭᠡᠳ ᠣᠶᠢᠯᠠᠭᠠᠵᠤ ᠲᠡᠶᠢᠯᠭᠦ ᠪᠤᠯᠭᠠᠵᠤ᠂ ᠰᠤᠷᠤᠯᠴᠠᠯᠭ᠎ᠠ ᠤᠬᠠᠭᠤᠯᠭ᠎ᠠ ᠶᠢᠨ | ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠦᠨᠡᠨ ᠬᠦ ᠴᠢᠩᠭᠠᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠤᠨᠤᠯ ᠤᠨ ᠰᠤᠳᠤᠯᠭᠠᠨ ᠤ ᠲᠠᠪᠴᠠᠩ ᠢ ᠰᠠᠶᠢᠲᠤᠷ | ᠠᠰᠢᠭᠯᠠᠵᠤ᠂ ︽ᠮᠠᠷᠺᠰ ᠤᠨ ᠦᠵᠡᠯ ᠤᠨ ᠣᠨᠣᠯ ᠤᠨ ᠰᠤᠳᠤᠯᠭᠠᠨ ᠪᠣᠯᠣᠨ ᠪᠠᠶᠢᠭᠤᠯᠤᠯᠲᠠ ᠶᠢᠨ ᠢᠨᠵᠧᠨᠧᠷᠢᠩ︾ ᠤᠨ ᠰᠤᠳᠤᠯᠭᠠᠨ ᠤ ᠴᠢᠳᠠᠪᠤᠷᠢᠲᠠᠨ ᠢ | ᠬᠥᠮᠥᠵᠢᠭᠦᠯᠬᠦ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠤᠨᠤᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠨᠡᠩ ᠤᠯᠠᠨ ᠴᠢᠨᠠᠷ ᠰᠠᠶᠢᠲᠠᠢ | ᠰᠤᠳᠤᠯᠭᠠᠨ ᠤ ᠦᠷ᠎ᠡ ᠪᠦᠲᠦᠭᠡᠯ ᠢ ᠡᠭᠦᠳᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠪᠠᠶᠠᠷ ᠤᠨ ᠵᠠᠬᠢᠳᠠᠯ ᠤᠨ ᠲᠤᠬᠠᠢ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ᠂ | ᠥᠪᠥᠷ ᠮᠣᠩᠭᠤᠯ ᠤᠨ ᠳᠦᠷᠢ ᠲᠥᠷᠬᠦ ᠶᠢ ᠤᠬᠠᠭᠤᠯᠤᠨ ᠳᠡᠯᠭᠡᠨ ᠦᠵᠡᠭᠦᠯᠭᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | |