12 ᠰᠠᠷ᠎ᠠ ᠶᠢᠨ 7 ᠤ ᠡᠳᠦᠷ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠨ ᠨᠢᠭᠡ ᠴᠣᠭᠴᠠᠵᠢᠭᠤᠯᠬᠤ ᠶᠢ ᠬᠠᠮᠲᠤᠷᠠᠨ | ᠠᠬᠢᠭᠤᠯᠤᠶ᠎ᠠ︾ ᠭᠡᠬᠦ ᠭᠤᠣᠯ ᠰᠡᠳᠦᠪᠲᠦ ᠨᠠᠢᠮᠠᠳᠤᠭᠠᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ | ᠬᠤᠲᠠ ᠶᠢᠨ ᠳᠠᠷᠤᠭ᠎ᠠ ᠨᠠᠷ ᠤᠨ ᠬᠠᠮᠲᠤᠷᠠᠭᠰᠠᠨ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ | ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠪᠠ᠃ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠳᠠᠶᠢᠴᠢᠯᠠᠬᠤ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠵᠠᠬ᠎ᠠ ᠳᠡᠯᠭᠡᠭᠦᠷ ᠲᠤ ᠪᠥᠬᠦ ᠲᠠᠯ᠎ᠠ ᠪᠠᠷ ᠠᠭᠤᠰᠤᠯᠴᠠᠬᠤ ᠳᠤ ᠴᠢᠬᠤᠯᠠ ᠪᠠᠶᠢᠯᠳᠤᠬᠤ | ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠬᠤᠷᠠᠯ ᠠᠴᠠ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠪᠣᠯᠣᠨ ᠥᠪᠡᠷᠲᠡᠭᠡᠨ ᠵᠠᠰᠠᠬᠤ | ᠣᠷᠣᠨ ᠤ ᠡᠯ᠎ᠡ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠣᠯᠣᠨ ᠲᠥᠯᠦᠪᠵᠢᠭᠦᠯᠭᠡ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠥᠨᠳᠥᠷ | ᠪᠦᠲᠦᠮᠵᠢᠲᠡᠢ ᠬᠠᠮᠲᠤᠷᠠᠯᠴᠠᠵᠤ ᠬᠠᠮᠲᠤ ᠪᠠᠷ ᠪᠠᠶᠢᠭᠤᠯᠬᠤ ᠲᠣᠭᠲᠠᠴᠠ ᠶᠢ ᠪᠦᠷᠢᠨᠰᠢᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ | ᠴᠣᠭᠴᠠᠵᠢᠭᠰᠠᠨ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠣᠷᠣᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠥᠪ ᠵᠢᠩᠬᠢᠨᠢ ᠪᠠᠷ ᠡᠬᠢᠯᠡᠪᠡ᠃ | ᠳᠥᠷᠪᠡᠨ ᠬᠤᠲᠠ ᠶᠢᠨ ᠵᠠᠰᠠᠭ ᠤᠨ ᠣᠷᠳᠣᠨ ᠵᠠᠮ ᠬᠠᠷᠢᠯᠴᠠᠭ᠎ᠠ᠂ ᠡᠨᠧᠷᠭᠢ ᠶᠢᠨ ᠬᠠᠷᠢᠯᠴᠠᠨ ᠲᠤᠰᠠᠯᠠᠯᠴᠠᠬᠤ᠂ ᠪᠠᠷᠠᠭᠠᠨ ᠤ ᠭᠦᠢᠯᠭᠡᠭᠡ ᠶᠢᠨ ᠦᠢᠯᠡᠰ ᠤᠨ ᠥᠪᠡᠷ ᠤᠨ | ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ 4 | ᠵᠦᠢᠯ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠳᠥᠷᠪᠡᠨ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠮᠢ ᠠᠬᠤᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠢᠭᠤᠯᠴᠢᠯᠠᠯ᠂ ᠣᠶᠤᠨᠲᠤ ᠬᠤᠲᠠ ᠵᠡᠷᠭᠡ ᠬᠦᠷᠢᠶᠡᠨ ᠳᠠᠬᠢ 10 | ᠵᠦᠢᠯ ᠤᠨ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠠᠬᠢᠭᠤᠯᠬᠤ ᠪᠠᠷ ᠪᠣᠯᠪᠠ᠃ | |