ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︽ᠦᠶᠤᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯ︾ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ | | ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠰᠢᠶᠠᠨ ᠤ ᠰᠢᠭᠤᠳ ᠬᠠᠷᠢᠶ᠎ᠠ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠡᠶᠢᠭᠡᠮ ᠤᠨ | ᠠᠵᠢᠯ ᠤᠨ ᠦᠢᠯᠡᠴᠢᠯᠡᠭᠡᠨ ᠤ ᠲᠥᠪ᠄ | ︽ᠦᠶᠤᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠠᠵᠢᠯ ᠤᠨ ᠲᠥᠰᠥᠯ︾ ᠢ | ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 1 ᠰᠠᠷ᠎ᠠ ᠶᠢᠨ 19 ᠤ ᠡᠳᠦᠷ | | | | | ᠦᠶᠤᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠠᠵᠢᠯ ᠤᠨ ᠲᠥᠰᠥᠯ | | | ︽ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠬᠡᠷᠡᠭᠵᠢᠭᠦᠯᠬᠦ | ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ︹ 2020︺ 66 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠲᠦᠷᠭᠡᠳᠬᠡᠨ ᠬᠤᠪᠢᠷᠠᠭᠤᠯᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠲᠥᠪ ᠭᠤᠤᠯᠴᠢ ᠡᠮᠬᠢ | ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠦᠷᠢᠮ ᠤᠨ ᠴᠢᠨᠠᠷᠲᠠᠢ | ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠤᠰᠠᠳᠠ᠂ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ | ᠦᠢᠯᠡᠴᠢᠯᠡᠬᠦ ᠪᠠ ᠠᠭᠤᠰᠤᠯᠴᠠᠵᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠲᠠᠯᠪᠢᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ | ᠤᠯᠠᠨ ᠰᠠᠯᠠᠭ᠎ᠠ ᠮᠥᠴᠢᠷ᠂ ᠬᠠᠮᠢᠶᠠᠷᠤᠯᠲᠠ ᠶᠢᠨ ᠬᠦᠴᠢᠷᠳᠡᠯ ᠶᠡᠭᠡ᠂ ᠠᠶᠤᠯ ᠲᠦᠭᠰᠢᠭᠦᠷᠢ ᠭᠡᠮ ᠰᠣᠭᠤᠭ ᠢᠶᠠᠷ ᠲᠣᠪᠣᠶᠢᠮ᠎ᠠ ᠬᠢᠨᠠᠯᠲᠠ ᠬᠠᠮᠢᠶᠠᠷᠤᠯᠲᠠ ᠶᠢᠨ ᠵᠦᠢᠯᠡᠰ ᠲᠤ | ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠬᠤ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠠᠮᠠᠭᠠᠯᠠᠨ ᠬᠥᠭᠵᠢᠭᠡᠬᠦ᠂ ᠦᠶᠤᠸᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠬᠤᠶᠠᠷ᠂ ᠶᠡᠷᠦᠩᠬᠡᠢ ᠬᠠᠷᠠᠯᠲᠠ | ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠰᠠᠶᠢᠲᠤᠷ ᠬᠠᠮᠢᠶᠠᠷᠬᠤ︾ ᠪᠠᠷ ᠬᠠᠷᠠᠯᠲᠠ ᠪᠣᠯᠭᠠᠵᠤ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠣᠷᠣᠨ | ᠪᠦᠰᠡ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠶᠢ ᠪᠥᠬᠦ ᠲᠠᠯ᠎ᠠ ᠪᠠᠷ | ᠪᠦᠷᠬᠦᠭᠦᠯᠬᠦ᠂ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠥᠨᠳᠥᠷ ᠪᠦᠲᠦᠮᠵᠢᠲᠡᠶ ᠬᠠᠮᠵᠢᠯᠴᠠᠬᠤ᠂ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ | ᠲᠤᠭ᠎ᠠ ᠪᠠᠷ ᠬᠢ ᠴᠢᠳᠠᠪᠤᠷᠢ ᠣᠯᠭᠤᠬᠤ ᠶᠢ ᠠᠬᠢᠭᠤᠯᠵᠤ᠂ ᠬᠡᠷᠡᠭ ᠤᠨ ᠡᠮᠦᠨ᠎ᠡ ᠬᠤᠶᠢᠨᠠᠬᠢ ᠪᠥᠬᠦ ᠬᠡᠯᠬᠢᠶ᠎ᠡ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ ᠬᠤᠷᠢᠭᠯᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ | 2024 ᠣᠨ ᠤ 1 ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠ ᠬᠥᠳᠡᠯᠦᠩᠭᠦᠢ ᠰᠢᠨᠡᠴᠢᠯᠡᠯᠲᠡ ᠶᠢᠨ ᠲᠣᠭᠲᠠᠴᠠ ᠶᠢ ᠪᠠᠶᠢᠭᠤᠯᠵᠤ᠂ ᠬᠡᠰᠡᠭ ᠬᠦᠷᠢᠶ᠎ᠡ | ᠬᠡᠪᠴᠢᠶᠡᠨ ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠵᠦᠢᠯᠡᠰ ᠤᠨ ᠶᠣᠰᠣᠭᠠᠷ | ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ | ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ | 2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠨᠠᠩ ᠣᠯᠠᠨ ᠬᠦᠷᠢᠶ᠎ᠡ ᠴᠠᠷᠠᠭ᠎ᠠ᠂ ᠨᠠᠩ ᠶᠡᠭᠡ ᠬᠦᠷᠢᠶ᠎ᠡ ᠬᠡᠪᠴᠢᠶ᠎ᠡ᠂ ᠢᠯᠠᠩᠭᠤᠶ᠎ᠠ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠭ᠎ᠠ ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢ ᠥᠷᠨᠢᠭᠦᠯᠵᠦ᠂ ᠣᠯᠠᠨ ᠲᠠᠯ᠎ᠠ ᠠᠴᠠ ᠬᠢᠨᠠᠨ ᠬᠠᠮᠢᠶᠠᠷᠬᠤ᠂ ᠳᠠᠪᠬᠤᠷᠳᠠᠭᠤᠯᠤᠨ ᠪᠠᠶᠢᠴᠠᠭᠠᠬᠤ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠨᠢᠭᠡ ᠯᠡ ᠤᠳᠠᠭ᠎ᠠ ᠳᠤ ᠬᠦᠷᠴᠦ᠂ ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ︾ ᠶᠢ ᠬᠡᠷᠡᠭᠵᠢᠭᠦᠯᠦᠨ᠎ᠡ᠃ | 2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠳᠡᠰ ᠳᠠᠪᠬᠤᠷᠭ᠎ᠠ | ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠢ ᠨᠡᠩ ᠪᠦᠷᠢᠨ ᠲᠡᠭᠦᠯᠳᠡᠷ᠂ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠡᠩ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠨᠡᠩ ᠲᠥᠪ | ᠭᠤᠣᠯᠴᠢ ᠪᠥᠭᠡᠳ ᠡᠮᠬᠢ ᠵᠢᠷᠤᠮ ᠲᠠᠢ ᠪᠣᠯᠭᠠᠵᠤ᠂ ᠬᠢᠨᠠᠯᠲᠠ ᠬᠠᠮᠢᠶᠠᠷᠤᠯᠲᠠ ᠶᠢ ᠨᠠᠷᠢᠯᠢᠭ ᠣᠨᠣᠴᠠᠲᠠᠢ ᠪᠠᠶᠢᠯᠭᠠᠬᠤ ᠪᠠ ᠣᠶᠤᠨᠴᠢᠯᠠᠬᠤ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢ ︽ᠭᠠᠵᠠᠷ ᠪᠣᠯᠭᠠᠨ ᠳᠤ ᠬᠢᠬᠦ ᠦᠭᠡᠢ︾ ᠮᠥᠷᠲᠡᠭᠡᠨ ︽ᠤᠴᠢᠷ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ ᠦᠨᠡᠨᠬᠦ | ᠪᠡᠶᠡᠯᠡᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ)᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠨ᠎ᠠ᠃ | ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠨᠢ ᠬᠠᠤᠯᠢ | ᠴᠠᠭᠠᠵᠠ ᠬᠠᠤᠯᠢ ᠲᠣᠭᠲᠠᠭᠠᠯ ᠪᠠ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠲᠣᠳᠣᠷᠬᠠᠶᠢᠯᠠᠭᠰᠠᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠴᠢᠩᠭ᠎ᠠ | ᠵᠢᠷᠤᠮᠯᠠᠨ᠂ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠬᠦ ᠴᠢᠬᠤᠯᠠᠲᠠᠢ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠬᠦ ᠶᠢᠨ ᠬᠠᠮᠲᠤ᠂ ︽ᠢᠨᠲ᠋ᠧᠷ ᠰᠦᠯᠵᠢᠶᠡᠨ ᠤ ᠬᠢᠨᠠᠯᠲᠠ | ᠬᠠᠮᠢᠶᠠᠷᠤᠯᠲᠠ︾ ᠶᠢᠨ ᠰᠢᠰᠲ᠋ᠧᠮ ᠳᠤ ᠣᠷᠣᠭᠤᠯᠤᠨ ᠨᠢᠭᠡᠳᠦᠯᠲᠡᠢ ᠬᠠᠮᠢᠶᠠᠷᠬᠤ ᠬᠡᠷᠡᠭᠲᠡᠢ᠃ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ︽ᠲᠣᠭᠲᠠᠭᠠᠬᠤ᠂ ᠥᠭᠡᠷᠡᠴᠢᠯᠡᠬᠦ᠂ ᠬᠦᠴᠦᠨ ᠦᠭᠡᠢ᠂ ᠲᠠᠶᠢᠯᠪᠤᠷᠢᠯᠠᠬᠤ︾ ᠪᠤᠶᠤ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠲᠣᠬᠢᠷᠠᠭᠤᠯᠬᠤ ᠴᠢᠬᠤᠯᠠᠲᠠᠢ ᠪᠠᠶᠢᠪᠠᠯ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠳᠤᠷᠠᠳᠴᠤ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠵᠤ | ᠨᠤᠲᠠᠯᠠᠭᠰᠠᠨ ᠤ ᠳᠠᠷᠠᠭ᠎ᠠ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠬᠤ ᠶᠢᠨ ᠵᠣᠬᠢᠴᠠᠭᠤᠯᠬᠤ ᠳᠤᠭᠤᠶᠢᠯᠠᠩ ᠤᠨ ᠶᠡᠷᠦᠩᠬᠡᠶᠢᠯᠡᠭᠰᠡᠨ ᠳᠤᠭᠤᠶᠢᠯᠠᠩ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠳᠤ ᠮᠡᠳᠡᠭᠦᠯᠦᠨ ᠬᠦᠷᠭᠡᠨ᠎ᠡ︶ᠬᠤᠷᠢᠶᠠᠩᠭᠤᠶᠢᠯᠠᠪᠠᠯ᠂ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠬᠢᠨᠠᠭᠤᠯᠤᠭᠰᠠᠨ ᠤ ᠳᠠᠷᠠᠭ᠎ᠠ ᠬᠥᠳᠡᠯᠦᠩᠭᠦᠢ ᠪᠠᠷ | ᠲᠣᠬᠢᠷᠠᠭᠤᠯᠤᠯᠲᠠ ᠬᠢᠵᠦ᠂ ᠲᠤᠭ᠎ᠠ ᠪᠠᠷᠢᠮᠲᠠ ᠶᠢ ᠠᠳᠠᠯᠢ ᠢᠷᠡᠯᠲᠡ ᠲᠠᠢ᠂ ᠬᠤᠯᠪᠤᠭᠠᠯᠠᠨ ᠬᠥᠳᠡᠯᠦᠯᠴᠡᠵᠦ ᠬᠠᠮᠢᠶᠠᠷᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠬᠠᠤᠯᠢ ᠴᠠᠭᠠᠵᠠ ᠶᠢᠨ ᠲᠣᠪᠴᠢᠶ᠎ᠠ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃︶ | ︵ᠬᠤᠶᠠᠷ)᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ᠂ ︽ᠭᠤᠷᠪᠠ ᠶᠢ ᠲᠣᠭᠲᠠᠭᠠᠬᠤ︾ ᠲᠣᠭᠲᠠᠭᠠᠯ ᠪᠠ | ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠣᠰᠣᠭᠠᠷ᠂ ︽ᠬᠦᠷᠢᠶ᠎ᠡ ᠴᠠᠷᠠᠭ᠎ᠠ ᠳᠠᠬᠢ ᠰᠢᠰᠲ᠋ᠧᠮᠵᠢᠭᠦᠯᠦᠯᠲᠡ᠂ ᠲᠤᠬᠠᠶᠢᠯᠠᠭᠰᠠᠨ ᠠᠵᠢᠯ ᠣᠶᠢᠷ᠎ᠠ᠂ ᠪᠠᠭᠲᠠᠭᠠᠪᠠᠰᠤ | ᠵᠣᠬᠢᠬᠤ ᠶᠢ ᠨᠢ ᠪᠦᠬᠦᠨ ᠢ ᠲᠤᠰᠢᠶᠠᠬᠤ︾ ᠱᠠᠭᠠᠷᠳᠠᠯᠭ᠎ᠠ ᠶᠣᠰᠣᠭᠠᠷ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠲᠦᠷᠦᠭᠦᠯᠡᠬᠦ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠰᠠᠯᠠᠭ᠎ᠠ ᠮᠥᠴᠢᠷ ᠤᠨ ᠠᠵᠢᠯ ᠶᠠᠪᠤᠳᠠᠯ ᠤᠨ ᠡᠷᠬᠡ ᠶᠢ ᠬᠤᠪᠢᠶᠠᠷᠢᠯᠠᠨ᠂ ᠪᠦᠬᠦ ᠴᠤᠪᠤᠷᠠᠯ ᠤᠨ ᠡᠯ᠎ᠡ | ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠭᠲᠠᠭᠠᠵᠤ᠂ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠡᠲᠡᠭᠡᠳ᠂ ᠠᠭᠤᠯᠭ᠎ᠠ᠂ ᠤᠳᠠᠭ᠎ᠠ᠂ ᠠᠷᠭ᠎ᠠ ᠬᠡᠯᠪᠡᠷᠢ᠂ ᠳᠡᠰ ᠳᠠᠷᠠᠭᠠᠯᠠᠯ᠂ ᠠᠵᠢᠯ ᠤᠨ ᠬᠤᠪᠢᠶᠠᠷᠢᠯᠠᠯ ᠵᠡᠷᠭᠡ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠠᠮᠵᠢᠯᠴᠠᠬᠤ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠬᠠᠮᠢᠶᠠᠷᠤᠯᠲᠠ ᠶᠢᠨ | ᠵᠦᠢᠯᠡᠰ ᠤᠨ ᠶᠣᠰᠣᠭᠠᠷ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠢᠶᠠᠨ ᠳᠤ ᠮᠡᠳᠡᠭᠦᠯᠵᠦ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠵᠣᠬᠢᠴᠠᠭᠤᠯᠬᠤ | ᠳᠤᠭᠤᠶᠢᠯᠠᠩ ᠤᠨ ᠶᠡᠷᠦᠩᠬᠡᠶᠢᠯᠡᠭᠰᠡᠨ ᠳᠤᠭᠤᠶᠢᠯᠠᠩ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠤᠨ︶ ᠳᠠᠩᠰᠠᠯᠠᠭᠤᠯᠬᠤ ᠬᠡᠷᠡᠭᠲᠡᠢ᠃ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠳᠣᠷᠬᠠᠢ ᠦᠭᠡᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠰᠠᠯᠠᠭ᠎ᠠ ᠮᠥᠴᠢᠷ ᠤᠨ ᠬᠠᠷᠢᠶᠠᠯᠠᠯ ᠤᠨ | ᠮᠠᠷᠭᠤᠯᠳᠤᠭᠠᠨ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠲᠤ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠢᠶᠠᠨ ᠤ | ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠬᠢᠨᠠᠨ ᠬᠠᠮᠢᠶᠠᠷᠬᠤ ᠬᠦᠴᠦᠨ ᠢ ᠲᠣᠬᠢᠷᠠᠭᠤᠯᠬᠤ ᠵᠡᠷᠭᠡ | ᠪᠠᠶᠢᠳᠠᠯ ᠲᠠᠢ ᠤᠶᠠᠯᠳᠤᠭᠤᠯᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠭᠲᠠᠭᠠᠵᠤ᠂ ᠬᠢᠨᠠᠯᠲᠠ ᠬᠠᠮᠢᠶᠠᠷᠤᠯᠲᠠ | ᠦᠭᠡᠢ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠬᠠᠮᠵᠢᠯᠴᠠᠬᠤ ᠨᠢᠭᠡᠴᠡ᠄ | ᠰᠢᠶᠠᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ)᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠬᠦ | ᠬᠡᠷᠡᠭᠲᠡᠢ᠃ ︽ᠶᠡᠭᠡ ᠶᠡᠷᠦᠩᠬᠡᠶᠢᠯᠡᠭᠰᠡᠨ ᠨᠢᠭᠡ ᠴᠤᠭᠴᠠᠵᠢᠭᠤᠯᠤᠯᠲᠠ︾ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠢ ᠪᠠᠷ | ᠬᠠᠶᠢᠨ ᠰᠦᠪᠡᠭᠴᠢᠯᠡᠵᠦ᠂ ᠡᠩᠨᠡᠭᠡ ᠶᠢ ᠡᠮᠬᠢᠯᠡᠨ ᠨᠡᠶᠢᠯᠡᠭᠦᠯᠬᠦ᠂ ᠬᠦᠴᠦᠨ ᠢ ᠳᠣᠷᠣᠭᠰᠢ ᠪᠠᠭᠤᠯᠭᠠᠬᠤ᠂ ᠨᠢᠭᠡᠳᠦᠯᠲᠡᠢ ᠵᠢᠯᠤᠭᠤᠳᠬᠤ᠂ ᠲᠣᠭᠠᠴᠢᠯᠠᠭᠰᠠᠨ ᠡᠨᠧᠷᠭᠢ | ᠣᠯᠭᠤᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ | ᠲᠣᠭᠤᠷᠢᠨ᠂ ᠰᠣᠶᠣᠯ ᠤᠨ ᠵᠠᠬ᠎ᠠ ᠳᠡᠯᠭᠡᠭᠦᠷ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ ᠳᠠᠬᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ ᠢ ᠠᠯᠬᠤᠮ ᠳᠠᠷᠠᠭ᠎ᠠ ᠲᠠᠢ ᠪᠠᠷ | ᠥᠷᠨᠢᠭᠦᠯᠦᠨ᠎ᠡ᠃︶ ︽ᠨᠢᠭᠡ ᠰᠠᠯᠠᠭ᠎ᠠ ᠡᠩᠨᠡᠭᠡ ᠬᠢᠨᠠᠨ ᠬᠠᠮᠢᠶᠠᠷᠬᠤ︾ ᠥᠭᠡᠷᠡᠴᠢᠯᠡᠯᠲᠡ ᠬᠢᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠡᠳᠦᠷ ᠲᠤᠲᠤᠮ ᠤᠨ ᠬᠢᠨᠠᠨ | ᠬᠠᠮᠢᠶᠠᠷᠬᠤ ᠬᠢᠭᠡᠳ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢ ᠵᠣᠯᠭᠠᠭᠤᠯᠬᠤ ᠶᠢ ᠬᠡᠷᠡᠭᠵᠢᠭᠦᠯᠵᠦ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠢᠨᠠᠨ ᠬᠠᠮᠢᠶᠠᠷᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ( ᠲᠦᠷᠦᠭᠦᠯᠡᠬᠦ ᠨᠢᠭᠡᠴᠡ᠄ ᠬᠠᠤᠯᠢ ᠴᠠᠭᠠᠵᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠡ᠄ ᠡᠯ᠎ᠡ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ) | ︵ᠳᠥᠷᠪᠡ︶ ᠰᠠᠯᠠᠭ᠎ᠠ ᠮᠥᠴᠢᠷ ᠠᠯᠤᠰᠯᠠᠨ ᠬᠠᠮᠲᠤᠷᠠᠨ ᠰᠤᠭᠤᠴᠢᠨ ᠪᠠᠶᠢᠴᠠᠭᠠᠬᠤ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠶᠢᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ︽ᠨᠢᠭᠡ ᠤᠳᠠᠭ᠎ᠠ ᠳᠤ ᠣᠷᠣᠭᠤᠯᠬᠤ᠂ ᠣᠯᠠᠨ ᠵᠦᠢᠯ ᠢ ᠪᠠᠶᠢᠴᠠᠭᠠᠬᠤ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ | ᠰᠤᠭᠤᠴᠢᠨ ᠪᠠᠶᠢᠴᠠᠭᠠᠵᠤ ᠪᠠᠶᠢᠴᠠᠭᠠᠬᠤ ᠳᠤ ᠶᠡᠷᠦ ᠳᠡᠭᠡᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ | ᠠᠪᠴᠤ᠂ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠵᠡᠷᠭᠡ ᠳᠡᠰ ᠪᠠ ᠲᠦᠭᠰᠢᠭᠦᠷᠢ ᠶᠢᠨ ᠲᠥᠷᠥᠯ ᠢᠯᠭᠠᠯ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠬᠤ | ᠠᠷᠭ᠎ᠠ ᠮᠠᠶ᠋ᠢᠭ ᠢᠶᠠᠨ ᠲᠠᠰᠤᠷᠠᠯᠲᠠ ᠤᠶᠢᠭᠡᠢ ᠰᠢᠯᠢᠳᠡᠭᠵᠢᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ᠂ ᠤᠳᠠᠭ᠎ᠠ ᠪᠠ ᠣᠷᠣᠯᠴᠠᠬᠤ ᠰᠠᠯᠠᠭ᠎ᠠ ᠮᠥᠴᠢᠷ ᠵᠡᠷᠭᠡ ᠶᠢ ᠵᠦᠢ | ᠵᠣᠬᠢᠰᠲᠠᠢ ᠲᠣᠭᠲᠠᠭᠠᠬᠤ ᠬᠡᠷᠡᠭᠲᠡᠢ᠃ ᠣᠯᠠᠨ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠳᠤ ᠬᠤᠯᠪᠣᠭᠳᠠᠬᠤ ᠠᠳᠠᠯᠢ ᠨᠢᠭᠡᠨ ᠬᠢᠨᠠᠯᠲᠠ ᠬᠠᠮᠢᠶᠠᠷᠤᠯᠲᠠ ᠶᠢᠨ | ᠡᠲᠡᠭᠡᠳ ᠲᠤ ᠬᠠᠤᠯᠢ ᠶᠢ ᠵᠥᠷᠢᠴᠡᠭᠰᠡᠨ ᠰᠦᠪᠡᠭᠴᠢ ᠶᠢ ᠬᠠᠷᠢᠯᠴᠠᠨ ᠬᠤᠯᠪᠣᠬᠤ᠂ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠶᠢ ᠬᠠᠷᠢᠯᠴᠠᠨ ᠨᠡᠪᠲᠡᠷᠡᠯᠴᠡᠬᠦ᠂ | ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠤᠯᠠᠨ ᠲᠠᠯ᠎ᠠ ᠠᠴᠠ ᠳᠠᠪᠬᠤᠷᠳᠠᠭᠤᠯᠤᠨ ᠪᠠᠶᠢᠴᠠᠭᠠᠬᠤ ᠠᠴᠠ ᠵᠠᠶᠢᠯᠠᠰᠬᠢᠵᠦ᠂ ︽ᠨᠢᠭᠡ ᠯᠡ | ᠤᠳᠠᠭ᠎ᠠ ᠶᠢᠨ ᠪᠠᠶᠢᠴᠠᠭᠠᠯᠲᠠ᠂ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ︾ ᠶᠢ ᠪᠡᠶᠡᠯᠡᠭᠦᠯᠵᠦ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ | ᠬᠠᠷᠰᠢ ᠰᠠᠭᠠᠳ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ︵ᠲᠦᠷᠦᠭᠦᠯᠡᠬᠦ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠲᠠᠪᠤ︶ ᠠᠶᠤᠯ ᠲᠦᠭᠰᠢᠭᠦᠷᠢ ᠶᠢᠨ ᠳᠠᠯᠳᠠ ᠭᠡᠮ ᠢ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠢ᠃ | ᠲᠣᠮᠣ ᠳ᠋ᠠᠶᠢᠲ᠋ᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠪᠣᠳᠠᠰᠯᠢᠭ ᠬᠤᠯᠪᠣᠭᠠᠲᠤ ᠰᠦᠯᠵᠢᠶ᠎ᠡ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠢ | ᠢᠳᠡᠪᠬᠢᠲᠡᠢ ᠬᠡᠷᠡᠭᠯᠡᠵᠦ᠂ ᠬᠢᠨᠠᠨ ᠰᠢᠨᠵᠢᠵᠦ ᠰᠡᠷᠡᠵᠦ ᠮᠡᠳᠡᠬᠦ ᠰᠡᠷᠡᠮᠵᠢᠯᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠢᠨᠲ᠋ᠤᠷ ᠰᠦᠯᠵᠢᠶᠡᠨ ᠤ | ᠬᠢᠨᠠᠯᠲᠠ ᠬᠠᠮᠢᠶᠠᠷᠤᠯᠲᠠ︾ ᠵᠡᠷᠭᠡ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠠᠰᠠᠭᠤᠳᠠᠯ ᠣᠯᠠᠨ ᠡᠭᠦᠰᠬᠦ ᠪᠠ ᠲᠦᠭᠰᠢᠭᠦᠷᠢ ᠶᠡᠬᠡᠲᠡᠢ ᠬᠦᠷᠢᠶᠡᠨ ᠳᠠᠬᠢ | ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ ᠲᠦᠭᠰᠢᠭᠦᠷᠢ ᠶᠢᠨ ᠳᠠᠯᠳᠠ ᠬᠡᠮ ᠢ | ᠬᠥᠳᠡᠯᠦᠩᠭᠦᠢ ᠪᠠᠷ ᠬᠢᠨᠠᠨ ᠬᠡᠮᠵᠢᠬᠦ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠪᠠ ᠨᠠᠷᠢᠯᠢᠭ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠣᠶ ᠪᠣᠯᠭᠠᠬᠤ᠂ ᠬᠦᠷᠭᠡᠬᠦ᠂ ᠬᠠᠷᠭᠤᠭᠤᠯᠤᠨ ᠪᠠᠶᠢᠴᠠᠭᠠᠬᠤ᠂ ᠰᠢᠢᠳᠪᠦᠷᠢᠯᠡᠬᠦ᠂ ᠬᠠᠷᠢᠭᠤ ᠲᠤᠰᠬᠠᠬᠤ | ᠵᠡᠷᠭᠡ ᠪᠥᠬᠦ ᠴᠤᠪᠤᠷᠠᠯ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠠᠰᠠᠭᠤᠳᠠᠯ ᠤᠨ ᠰᠦᠪᠡᠭᠴᠢ ᠶᠢ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠰᠢᠢᠳᠪᠦᠷᠢᠯᠡᠵᠦ ᠰᠢᠢᠳᠪᠦᠷᠢᠯᠡᠬᠦ ᠶᠢ ᠥᠷᠨᠢᠭᠦᠯᠦᠨ᠎ᠡ᠃ ᠡᠯ᠎ᠡ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠮᠡᠳᠡᠭᠡ | ᠵᠠᠩᠭᠢ ᠶᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ᠂ ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠳᠤ ᠲᠦᠰᠢᠭᠯᠡᠨ᠂ ᠠᠰᠠᠭᠤᠳᠠᠯ ᠤᠨ | ᠰᠦᠪᠡᠭᠴᠢ ᠶᠢ ᠰᠠᠯᠭᠠᠨ ᠭᠦᠢᠴᠡᠳᠬᠡᠬᠦ᠂ ᠰᠢᠯᠵᠢᠭᠦᠯᠦᠨ ᠭᠦᠢᠴᠡᠳᠬᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠠᠵᠢᠯ ᠤᠨ ᠳᠤᠮᠳᠠ ᠪᠠᠨ ᠪᠤᠰᠤᠳ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠬᠠᠷᠢᠶᠠᠯᠠᠭᠳᠠᠬᠤ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠰᠦᠪᠡᠭᠴᠢ ᠶᠢᠨ ᠮᠡᠳᠡᠭᠡ ᠵᠠᠩᠭᠢ ᠵᠡᠷᠭᠡ ᠶᠢ ᠴᠠᠭ ᠲᠤᠬᠠᠢ ᠳᠤᠨᠢ ᠬᠠᠮᠢᠶ᠎ᠠ ᠪᠦᠬᠦᠢ | ᠰᠠᠯᠠᠭ᠎ᠠ ᠮᠥᠴᠢᠷ ᠲᠤ ᠬᠦᠷᠭᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠡ᠄ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠤᠯᠤᠭ᠎ᠠ︶ ᠰᠠᠯᠠᠭ᠎ᠠ ᠮᠥᠴᠢᠷ ᠠᠯᠤᠰᠯᠠᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃ ᠡᠯ᠎ᠡ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠢᠲᠡᠭᠡᠮᠵᠢ ᠶᠢᠨ ᠲᠠᠰ ᠲᠥᠷᠥᠯ | ᠬᠤᠪᠢᠶᠠᠨ ᠬᠢᠨᠠᠨ ᠬᠠᠮᠢᠶᠠᠷᠬᠤ ᠳᠦᠷᠢᠮ ᠢ ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ | ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠤᠳᠤᠯᠵᠤ᠂ ᠲᠠᠰ ᠲᠥᠷᠥᠯ ᠬᠤᠪᠢᠶᠠᠬᠤ ᠪᠠᠷᠢᠮᠵᠢᠶ᠎ᠠ ᠵᠢᠴᠢ ᠵᠣᠬᠢᠴᠠᠩᠭᠤᠢ | ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠩᠰᠡᠯᠡᠨ ᠲᠡᠮᠳᠡᠭᠯᠡᠬᠦ᠂ ᠬᠢᠷᠢ ᠬᠡᠮ ᠢ | ᠬᠢᠨᠠᠨ ᠬᠠᠷᠭᠤᠭᠤᠯᠬᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ | ᠶᠠᠪᠤᠴᠠ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠠᠵᠢᠯᠯᠠᠭ᠎ᠠ ᠶᠢ ᠣᠨᠣᠪᠴᠢᠲᠠᠶ᠂ ᠪᠥᠬᠦ ᠲᠠᠯ᠎ᠠ ᠪᠠᠷ ᠲᠡᠮᠳᠡᠭᠯᠡᠵᠦ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ︾ ᠤᠨ ᠲᠣᠭᠲᠠᠭᠠᠯ ᠶᠣᠰᠣᠭᠠᠷ᠂ ᠬᠠᠮᠢᠶ᠎ᠠ | ᠪᠦᠬᠦᠢ ᠮᠡᠳᠡᠭᠡ ᠵᠠᠩᠭᠢ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ︾ ᠳᠤ ᠴᠠᠭ | ᠲᠤᠬᠠᠢ ᠳᠤᠨᠢ ᠬᠦᠷᠭᠡᠬᠦ ᠬᠡᠷᠡᠭᠲᠡᠢ᠃ ᠶᠡᠷᠦᠩᠬᠡᠶᠢᠯᠡᠨ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ᠂ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠪᠠᠩᠬᠢ ᠶᠢᠨ ᠢᠲᠡᠭᠡᠮᠵᠢᠲᠦ ᠵᠢᠭᠡᠯᠡᠯᠭᠡ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠢᠷᠠᠭᠤ ᠠᠯᠳᠠᠷ ᠤᠨ ᠴᠣᠯᠠ ᠣᠯᠭᠤᠬᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ | ᠡᠳ᠋ ᠤᠨ ᠵᠠᠰᠠᠭ ᠤᠨ ᠨᠥᠬᠦᠪᠦᠷᠢ ᠣᠯᠭᠤᠬᠤ ᠪᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠬᠦᠷᠲᠡᠬᠦ ᠲᠥᠷᠥ ᠶᠢᠨ ᠪᠣᠳᠣᠯᠭ᠎ᠠ ᠶᠢ ᠭᠥᠷᠳᠡᠬᠦ ᠵᠡᠷᠭᠡ ᠲᠠᠯ᠎ᠠ ᠪᠠᠷ ᠢᠲᠡᠭᠡᠯ | ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠭᠤᠣᠯ ᠴᠣᠭᠴᠠ ᠶᠢ ᠬᠠᠤᠯᠢ | ᠲᠣᠭᠲᠠᠭᠠᠯ ᠶᠣᠰᠣᠭᠠᠷ ᠬᠢᠵᠠᠭᠠᠷᠯᠠᠬᠤ ᠪᠤᠶᠤ ᠴᠠᠭᠠᠵᠠᠯᠠᠵᠤ᠂ ᠬᠠᠤᠯᠢ ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠭᠤᠣᠯ ᠴᠣᠭᠴᠠ ᠶᠢ ᠬᠠᠤᠯᠢ | ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠲᠤ ᠣᠷᠣᠭᠤᠯᠬᠤ ᠶᠢ ᠴᠠᠭᠠᠵᠠᠯᠠᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠠᠷᠢᠭᠤᠴᠠᠯᠭᠠᠲᠤ ᠨᠢᠭᠡᠴᠡ᠄ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠨᠠᠢᠮᠠ︶ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠳᠤ ᠲᠦᠰᠢᠭᠯᠡᠨ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠳᠠᠯᠤᠨ ᠦᠨᠡᠯᠡᠬᠦ᠂ ᠭᠡᠷᠡᠴᠢ | ᠪᠠᠷᠢᠮᠲᠠ ᠶᠢ ᠬᠠᠷᠢᠯᠴᠠᠨ ᠮᠡᠳᠡᠷᠡᠬᠦ᠂ ᠬᠠᠮᠲᠤᠷᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠴᠢᠳᠠᠮᠵᠢ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ | ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠪᠦᠬᠦ ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠵᠢᠴᠢ ᠬᠢᠨᠠᠯᠲᠠ ᠬᠠᠮᠢᠶᠠᠷᠤᠯᠲᠠ ᠶᠢᠨ ᠪᠦᠬᠦ | ᠶᠠᠪᠤᠴᠠ ᠶᠢ ᠮᠥᠷᠳᠡᠵᠦ ᠪᠣᠯᠬᠤ᠂ ᠲᠤᠭ᠎ᠠ ᠪᠠᠷᠢᠮᠲᠠ ᠶᠢᠨ ᠪᠦᠬᠦ ᠶᠠᠪᠤᠴᠠ ᠶᠢ ᠪᠠᠶᠢᠴᠠᠭᠠᠨ ᠯᠠᠪᠯᠠᠵᠤ ᠪᠣᠯᠬᠤ ᠶᠢ ᠪᠡᠶᠡᠯᠡᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ | ᠣᠷᠣᠨ ᠪᠦᠰᠡ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠲᠤᠯᠭᠠᠭᠤᠷᠢᠯᠠᠨ᠎ᠠ᠃ ᠲᠤᠭ᠎ᠠ ᠪᠠᠷᠢᠮᠲᠠ ᠶᠢ | ᠵᠠᠳᠠᠯᠬᠤ᠂ ᠵᠢᠷᠤᠭ ᠳᠦᠷᠰᠦ ᠶᠢ ᠢᠯᠭᠠᠨ ᠲᠠᠨᠢᠬᠤ᠂ ᠦᠢᠯᠡ ᠠᠵᠢᠯᠯᠠᠭ᠎ᠠ ᠶᠢ ᠵᠠᠳᠠᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠶᠢ ᠶᠡᠷᠦᠩᠬᠡᠶᠢᠯᠡᠨ ᠬᠡᠷᠡᠭᠯᠡᠵᠦ | ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠠ ᠰᠤᠳᠤᠯᠤᠨ ᠮᠠᠭᠠᠳᠯᠠᠵᠤ᠂ ᠠᠰᠠᠭᠤᠳᠠᠯ ᠢ ᠲᠦᠷᠭᠡᠨ ᠪᠥᠭᠡᠳ ᠪᠦᠲᠦᠮᠵᠢᠲᠡᠶ ᠬᠠᠮᠵᠢᠯᠴᠠᠨ ᠰᠢᠢᠳᠪᠦᠷᠢᠯᠡᠵᠦ᠂ ᠰᠠᠯᠠᠭ᠎ᠠ | ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠣᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠷᠢᠯᠴᠠᠨ ᠨᠠᠪᠲᠠᠷᠡᠭᠦᠯᠵᠦ ᠬᠠᠮᠲᠤᠪᠠᠷ ᠡᠳ᠋ᠯᠡᠬᠦ ᠶᠢ ᠶᠡᠬᠡᠪᠡᠷ ᠠᠬᠢᠭᠤᠯᠤᠨ᠎ᠠ᠃ ᠤᠯᠤᠰ ᠪᠠ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠷᠢᠮᠵᠢᠶ᠎ᠠ ᠶᠣᠰᠣᠭᠠᠷ᠂ ︽ᠬᠤᠶᠠᠷ ᠢ ᠲᠣᠬᠢᠶᠠᠯᠳᠤᠯ ᠢᠶᠠᠷ ᠬᠢᠵᠦ ᠬᠢᠨᠠᠨ ᠬᠠᠮᠢᠶᠠᠷᠬᠤ︾ ᠪᠠ ︽ᠬᠤᠶᠠᠷ ᠢ | ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ︾ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ ᠵᠣᠬᠢᠴᠠᠭᠤᠯᠤᠨ ᠠᠬᠢᠭᠤᠯᠵᠤ᠂ ᠳ᠋ᠠᠶᠢᠲ᠋ᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠲᠠᠪᠴᠠᠩ ᠪᠠ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠴᠠᠭ | ᠲᠤᠬᠠᠢ ᠳᠤᠨᠢ ᠬᠤᠷᠠᠮᠳᠤᠭᠤᠯᠵᠤ᠂ ᠡᠯ᠎ᠡ ᠲᠥᠷᠥᠯ ᠤᠨ ᠰᠠᠭᠤᠷᠢ ᠳ᠋ᠠᠶᠢᠲ᠋ᠠ ᠪᠠ ᠭᠤᠣᠯ ᠴᠣᠭᠴᠠ ᠶᠢᠨ ᠳ᠋ᠠᠶᠢᠲ᠋ᠠ ᠶᠢ ᠠᠮᠤᠷ ᠲᠦᠪᠰᠢᠨ ᠡᠮᠬᠢ ᠵᠢᠷᠤᠮ ᠲᠠᠢ ᠬᠡᠷᠡᠭᠴᠡᠭᠡ | ᠶᠣᠰᠣᠭᠠᠷ ᠰᠢᠯᠵᠢᠭᠦᠯᠦᠨ ᠬᠡᠷᠡᠭᠯᠡᠵᠦ᠂ ᠡᠯ᠎ᠡ ᠲᠠᠰ ᠳᠠᠪᠬᠤᠷᠭ᠎ᠠ ᠶᠢᠨ ᠲᠤᠬᠠᠶᠢᠯᠠᠭᠰᠠᠨ ᠠᠵᠢᠯ ᠤᠨ ᠨᠡᠶᠢᠯᠡᠯ᠂ ᠲᠤᠭ᠎ᠠ ᠪᠠᠷᠢᠮᠲᠠ ᠶᠢ ᠠᠭᠤᠰᠤᠯᠴᠠᠭᠤᠯᠬᠤ᠂ ᠮᠡᠷᠭᠡᠵᠢᠯ ᠤᠨ | ᠠᠭᠤᠰᠤᠯᠴᠠᠯ ᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠡᠷᠡᠭᠴᠡᠭᠡ | ᠶᠣᠰᠣᠭᠠᠷ᠂ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠵᠦ᠂ ᠮᠡᠳᠡᠭᠡ ᠵᠠᠩᠭᠢ ᠶᠢ ᠬᠠᠮᠲᠤ ᠪᠠᠷ | ᠭᠥᠷᠳᠡᠬᠦ ᠬᠡᠪᠴᠢᠶ᠎ᠡ᠂ ᠠᠷᠭ᠎ᠠ ᠮᠠᠶ᠋ᠢᠭ᠂ ᠲᠠᠰ ᠳᠠᠷᠠᠭᠠᠯᠠᠯ᠂ ᠴᠠᠭ ᠤᠨ ᠬᠢᠵᠠᠭᠠᠷ᠂ ᠳᠠᠪᠲᠠᠮᠵᠢ ᠪᠠ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠵᠡᠷᠭᠡ ᠲᠤᠭ᠎ᠠ ᠪᠠᠷᠢᠮᠲᠠ ᠶᠢᠨ | ᠪᠤᠴᠠᠯᠲᠠ ᠪᠠ ᠰᠣᠯᠢᠯᠴᠠᠭᠠᠨ ᠤ ᠳᠦᠷᠢᠮ ᠢ ᠲᠣᠳᠣᠷᠬᠠᠶᠢᠯᠠᠵᠤ᠂ ᠲᠤᠭ᠎ᠠ ᠪᠠᠷᠢᠮᠲᠠ ᠶᠢ ᠴᠤᠭᠯᠠᠭᠤᠯᠬᠤ ᠳᠤ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠬᠡᠷᠡᠭᠯᠡᠬᠦ ᠳᠤ | ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ︵ᠲᠦᠷᠦᠭᠦᠯᠡᠬᠦ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠬᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠶᠢ ᠠᠬᠢᠭᠤᠯᠬᠤ ᠶᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠲᠦᠷᠭᠡᠳᠬᠡᠬᠦ᠂ ᠲᠡᠷᠢᠭᠦᠨ ᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠢᠶᠠᠷ ᠤᠳᠤᠷᠢᠳᠬᠤ ᠳᠤᠭᠤᠶᠢᠯᠠᠩ ᠪᠣᠯᠭᠠᠵᠤ᠂ ᠰᠠᠯᠠᠭ᠎ᠠ ᠮᠥᠴᠢᠷ | ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ | ᠵᠢᠷᠤᠭ ᠲᠥᠯᠥᠪᠯᠡᠭᠡ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠥᠨᠥᠴᠢᠨ ᠠᠷᠠᠯ ᠢ ᠠᠷᠢᠯᠭᠠᠵᠤ᠂ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ | ᠬᠠᠷᠢᠭᠤᠴᠠᠯᠭ᠎ᠠ ᠲᠣᠳᠣᠷᠬᠠᠢ᠂ ᠪᠠᠲᠤᠯᠠᠭ᠎ᠠ ᠪᠣᠳᠠᠲᠠᠢ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠢ᠃ ᠲᠤᠰᠬᠠᠢ ᠰᠢᠮᠳᠠᠭᠤᠯᠤᠨ ᠪᠠᠶᠢᠴᠠᠭᠠᠬᠤ᠂ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠰᠢᠵᠦ᠂ ᠠᠵᠢᠯ ᠤᠨ ᠡᠮᠬᠢ | ᠵᠢᠷᠤᠮ ᠲᠠᠢ ᠥᠷᠨᠢᠭᠦᠯᠬᠦ ᠶᠢ ᠵᠢᠯᠣᠭᠤᠳᠤᠨ ᠠᠬᠢᠭᠤᠯᠵᠤ᠂ ᠪᠠᠶᠢᠳᠠᠯ ᠢ ᠮᠡᠳᠡᠭᠡᠯᠡᠬᠦ ᠲᠣᠭᠲᠠᠴᠠ ᠶᠢ ᠪᠠᠶᠢᠭᠤᠯᠤᠨ᠂ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠦᠷᠭᠡᠵᠦ᠂ ᠠᠵᠢᠯ ᠬᠢᠬᠦ ᠦᠭᠡᠢ᠂ ᠤᠳᠠᠭᠠᠨ ᠬᠢᠬᠦ ᠵᠡᠷᠭᠡ ᠨᠠᠵᠠᠭᠠᠢ ᠲᠠᠯ᠎ᠠ ᠶᠢᠨ | ᠨᠡᠶᠢᠲᠡᠯᠢᠭ ᠵᠢᠱᠢᠶ᠎ᠡ ᠶᠢ ᠴᠠᠭ ᠲᠤᠨᠢ ᠲᠣᠬᠢᠷᠠᠭᠤᠯᠤᠨ ᠮᠡᠳᠡᠭᠳᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠰᠠᠶᠢᠲᠤᠷ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠰᠠᠯᠠᠭ᠎ᠠ | ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠨ᠎ᠡ ᠵᠠᠭᠪᠤᠷ ᠢ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠲᠤᠷᠰᠢᠯᠭ᠎ᠠ ᠠᠷᠭ᠎ᠠ ᠬᠢᠳᠡᠯ ᠢ | ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠨᠡᠶᠢᠭᠡᠮ ᠤᠨ ᠨᠥᠯᠥᠭᠡᠯᠡᠬᠦ ᠬᠦᠴᠦᠨ ᠪᠠ ᠣᠯᠠᠨ ᠨᠡᠶᠢᠲᠡ ᠶᠢᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ |