ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠤᠳᠤᠷᠢᠳᠬᠤ ᠺᠠᠳ᠋ᠷ ᠤᠨ ᠤᠯᠤᠰ ᠲᠥᠷᠦ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/19
      3 ᠰᠠᠷ᠎ᠠ ᠶᠢᠨ 13 ᠤ ᠡᠳᠦᠷ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ ᠬᠢᠴᠢᠶᠡᠯ ᠡᠬᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠂ ᠰᠢᠶᠠᠨ ᠤ ᠨᠠᠮ ᠤᠨ ᠬᠤᠷᠢᠶᠠᠨ ᠤ ᠱᠦᠵᠢ ᠠᠴᠢᠲᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠣᠶᠤᠨᠳᠠᠯᠠᠢ ᠠᠩᠭᠢ ᠡᠬᠢᠯᠡᠬᠦ ᠶᠣᠰᠣᠯᠠᠯ ᠢ ᠡᠷᠭᠢᠯᠡᠪᠡ᠃ ᠡᠯ᠎ᠡ ᠰᠤᠮᠤ ᠪᠠᠯᠭᠠᠰᠤ  ︵ ᠬᠡᠷᠡᠭ ᠡᠷᠬᠢᠯᠡᠬᠦ ᠭᠠᠵᠠᠷ ︶ ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯᠪᠠᠰᠤᠷᠠᠯ ᠳᠤ ᠣᠷᠣᠯᠴᠠᠪᠠ᠃    

1.png

      ᠠᠴᠢᠲᠤ ᠠᠩᠭᠢ ᠡᠬᠢᠯᠡᠬᠦ ᠳᠠᠶᠢᠴᠢᠯᠠᠯᠲᠠ ᠶᠢᠨ ᠶᠠᠷᠢᠶᠠᠨ ᠳᠠᠭᠠᠨ ᠬᠡᠯᠡᠭᠰᠡᠨ ᠨᠢ ᠂ ᠲᠣᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ

ᠡᠷᠭᠢᠯᠡᠬᠦ ᠶᠢᠨ ᠭᠤᠣᠯ ᠵᠣᠷᠢᠯᠭ᠎ᠠ ᠪᠣᠯ ᠳᠠᠷᠤᠢ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠭᠤᠯᠵᠤ ᠂ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ

ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠪᠠ ᠡᠩᠨᠡᠭᠡ ᠶᠢᠨ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ ᠃

ᠡᠯ᠎ᠡᠰᠤᠮᠤ ᠪᠠᠯᠭᠠᠰᠤ  ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ ᠂

ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ ᠂ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠤᠳᠤᠬᠤ ︽ ᠰᠥᠰᠥ ᠵᠣᠷᠢᠭ ︾  ᠢᠶᠠᠨ ᠬᠥᠪᠴᠢᠯᠡᠬᠦ ᠬᠡᠷᠡᠭᠲᠡᠢ ᠃ ︽ 

ᠰᠢᠨ᠎ᠡ ︾ ᠣᠶᠢᠯᠠᠭᠠᠭᠳᠠᠬᠤᠨ ᠢ ᠴᠢᠩᠭᠠᠳᠬᠠᠵᠤ᠂ ︽ ᠥᠨᠳᠥᠷ ︾ ᠬᠡᠪ ᠴᠢᠨᠠᠷ ᠢ ᠪᠣᠯᠪᠠᠰᠤᠷᠠᠭᠤᠯᠵᠤ ᠂ ︽ ᠬᠦᠴᠦᠷᠬᠡᠭ ︾ ᠴᠢᠳᠠᠪᠤᠷᠢ ᠶᠢ ᠳᠡᠭᠡᠭᠰᠢᠯᠡᠭᠦᠯᠵᠦ ᠂

ᠲᠦᠷᠦᠭᠦᠯᠡᠨ ᠡᠯ᠎ᠡ ᠲᠠᠯ᠎ᠠ ᠶᠢᠨ ᠴᠢᠳᠠᠪᠤᠷᠢ ᠪᠣᠯᠣᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ ᠂ ᠦᠨᠡᠨ ᠬᠦ ᠠᠵᠢᠯ ᠬᠢᠵᠦ ᠳᠡᠶᠢᠯᠬᠦ ᠂ ᠠᠵᠢᠯ ᠬᠢᠵᠦ ᠳᠡᠶᠢᠯᠬᠦ᠂ ᠠᠵᠢᠯ

ᠪᠦᠲᠦᠭᠡᠵᠦ ᠳᠡᠶᠢᠯᠬᠦ ᠶᠢ ᠪᠡᠶᠡᠯᠡᠭᠦᠯᠬᠦ ᠬᠡᠷᠡᠭᠲᠡᠢ ᠃

       ᠠᠩᠭᠢ ᠡᠬᠢᠯᠡᠬᠦ ᠶᠣᠰᠣᠯᠠᠯ ᠳᠠᠭᠤᠰᠤᠭᠰᠠᠨ ᠤ ᠳᠠᠷᠠᠭ᠎ᠠ ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠱᠧᠨ ᠶᠤᠸᠠᠢ

ᠸᠧᠨ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ

ᠦᠵᠡᠯᠲᠡ ᠪᠠ ᠠᠷᠭ᠎ᠠ ᠶᠢᠨ ᠲᠤᠬᠠᠢ ︾ ᠭᠡᠬᠦ ᠰᠡᠳᠦᠪ ᠢᠶᠠᠷ ᠬᠢᠴᠢᠶᠡᠯ ᠣᠷᠣᠪᠠ᠃   

      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠭᠤᠷᠪᠠᠨ ᠡᠳᠦᠷ ᠪᠣᠯᠣᠨ᠎ᠠ ᠃ ᠪᠣᠯᠪᠠᠰᠤᠷᠠᠯ ᠤᠨ ᠠᠭᠤᠯᠭ᠎ᠠ ᠳᠤ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ

ᠤᠨᠤᠯ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ

ᠠᠵᠢᠯ ᠢ ᠰᠠᠶᠢᠲᠤᠷ ᠬᠢᠬᠦ ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠲᠤᠬᠠᠢ ᠴᠢᠬᠤᠯᠠ ᠥᠭᠦᠯᠡᠯᠲᠡ ᠂ ᠤᠳᠤᠷᠢᠳᠬᠤ ᠺᠠᠳ᠋ᠷ ᠲᠤᠯᠤᠭᠠᠨ ᠵᠦᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠬᠦ ᠵᠡᠷᠭᠡ ᠶᠢ ᠪᠠᠭᠲᠠᠭᠠᠨ᠎ᠠ᠃

 

ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ