2024 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/19
                    ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2024 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ      ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠵᠢᠶᠠᠨ ᠹᠧᠩ ᠲᠠᠷᠢᠶᠠᠯᠠᠩ ᠤᠨ ᠲᠠᠯᠠᠪᠠᠢ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ ︾᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ ︾ ᠂ ︽ ᠪᠠᠶᠢᠭᠤᠯᠭ᠎ᠠ᠂ ᠪᠦᠯᠬᠦᠮ ᠂ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ︾ ᠂ ︽ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ︵ ᠲᠤᠷᠰᠢᠨ ᠬᠡᠷᠡᠭᠵᠢᠭᠦᠯᠬᠦ ︶ ︾ ᠶᠢ ᠦᠨᠳᠦᠰᠦᠯᠡᠪᠡᠯ ᠂ ᠣᠲᠣ ᠪᠥᠬᠦ ᠰᠢᠶᠠᠨ ᠤ 2024 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠨᠢᠭᠡᠴᠢ ᠨᠡᠶᠢᠲᠡ 110 ᠪᠠᠶᠢᠨ᠎ᠠ᠃      ᠡᠯ᠎ᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠨᠦᠭᠦᠳ ︽ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ ︾ ᠶᠢ ᠲᠤᠤᠱᠯᠠᠭᠤᠯᠵᠤ ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ ᠡᠯ᠎ᠡ ᠱᠠᠲᠤ ᠂ ᠡᠯ᠎ᠡ ᠠᠵᠢᠯ ᠤᠨ ᠪᠠᠶᠢᠷᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠦᠷᠢᠮ ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯᠯᠠᠬᠤ ᠳᠦᠷᠢᠮ ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠪᠡᠯᠡᠳᠬᠡᠯ ᠲᠥᠰᠥᠯ ᠢ ᠲᠣᠭᠲᠠᠭᠠᠨ᠎ᠠ᠃ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠣᠯᠪᠠᠰᠤᠷᠠᠭᠤᠯᠤᠯ ᠬᠢᠯᠭᠡᠵᠦ ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠳᠦᠷᠢᠮ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ ᠃      ︵ ᠨᠢᠭᠡ ︶ ᠭᠠᠯ ᠰᠡᠷᠭᠡᠶᠢᠯᠡᠬᠦ ᠪᠠᠶᠢᠴᠠᠭᠠᠯᠲᠠ ᠴᠠᠭᠳᠠᠨ ᠪᠠᠶᠢᠴᠠᠭᠠᠯᠲᠠ ᠂ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠠᠷᠠᠴᠢᠯᠠᠨ ᠬᠠᠮᠠᠭᠠᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃      ︵ ᠬᠤᠶᠠᠷ ︶ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠢ ᠲᠣᠬᠢᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠡᠮᠳᠡᠭ ᠪᠠᠶᠢᠷᠢᠯᠠᠭᠤᠯᠤᠨ ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠵᠤ ᠰᠡᠯᠪᠢᠨ ᠵᠠᠰᠠᠬᠤ ᠬᠡᠷᠡᠭᠲᠡᠢ ᠃ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠦᠬᠦ ᠲᠠᠯ᠎ᠠ ᠶᠢᠨ ᠪᠠᠶᠢᠴᠠᠭᠠᠯᠲᠠ ᠬᠢᠵᠦ ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠃ ᠭᠠᠯ ᠤᠨᠲᠠᠷᠠᠭᠠᠬᠤ ᠡᠵᠡᠮᠰᠢᠯ ᠤᠨ ᠲᠠᠰᠤᠭ ᠲᠠᠢ ᠪᠠᠶᠢᠪᠠᠯ ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ ᠂ ᠡᠭᠡᠯᠵᠢ ᠪᠦᠷᠢ ᠳᠤ 2 ᠠᠴᠠ ᠳᠤᠲᠠᠭᠤ ᠦᠭᠡᠢ ᠬᠥᠮᠥᠨ ᠪᠠᠶᠢᠵᠤ ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠢ ᠃      ︵ ᠭᠤᠷᠪᠠ ) ᠳᠤ ᠲᠠᠷᠬᠠᠭᠠᠬᠤ ᠵᠠᠮ ᠱᠤᠭᠤᠮ᠂ ᠠᠮᠤᠷ ᠲᠦᠪᠰᠢᠨ ᠭᠠᠷᠬᠤ ᠡᠭᠦᠳᠡ ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠂ ᠭᠠᠯ ᠰᠡᠷᠭᠡᠶᠢᠯᠡᠬᠦ ᠣᠲᠤᠭ᠎ᠠ ᠠᠴᠠ ᠰᠡᠷᠭᠡᠶᠢᠯᠡᠬᠦ ᠬᠤᠪᠢᠶᠠᠷᠢ ᠲᠣᠭᠤᠷᠢᠭ ᠂ ᠭᠠᠯ ᠰᠡᠷᠭᠡᠶᠢᠯᠡᠬᠦ ᠵᠠᠢ ᠨᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ ᠃ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠭᠠᠷᠭᠠᠵᠤ ᠪᠣᠯᠬᠤ ᠦᠭᠡᠢ ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ ᠪᠣᠯᠣᠨ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠳᠤ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ ᠃ ︵ ᠳᠥᠷᠪᠡ ︶ ᠭᠠᠯ ᠤᠨᠲᠠᠷᠠᠭᠠᠬᠤ ᠳᠠᠩᠰᠠ ᠡᠪᠬᠡᠮᠡᠯ ᠢ ᠪᠠᠶᠢᠭᠤᠯᠤᠨ ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠣᠷᠣᠨ ᠪᠠᠶᠢᠷᠢ ᠶᠢ ᠲᠣᠭᠲᠠᠭᠠᠵᠤ ᠂ ᠭᠠᠯ ᠰᠡᠷᠭᠡᠶᠢᠯᠡᠬᠦ ᠲᠡᠮᠳᠡᠭ ᠪᠠᠶᠢᠷᠢᠯᠠᠭᠤᠯᠤᠨ ᠂ ᠴᠢᠩᠭ᠎ᠠ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ ᠃      ︵ ᠲᠠᠪᠤ ︶ ᠴᠠᠬᠢᠯᠭᠠᠨ ᠬᠡᠷᠡᠭᠰᠡᠯ ᠤᠨ ᠦᠢᠯᠡᠳᠬᠦᠨ ᠂ ᠰᠢᠲᠠᠮᠠᠬᠠᠢ ᠬᠡᠢ ᠶᠢᠨ ᠬᠡᠷᠡᠭᠰᠡᠯ ᠤᠭᠰᠠᠷᠠᠵᠤ ᠬᠡᠷᠡᠭᠯᠡᠬᠦ ᠪᠠ ᠴᠠᠬᠢᠯᠭᠠᠨ ᠬᠡᠷᠡᠭᠯᠡᠬᠦ ᠱᠤᠭᠤᠮ ᠂ ᠬᠤᠭᠤᠯᠠᠢ ᠶᠢᠨ ᠤᠲᠠᠰᠤ ᠨᠢ ᠡᠷᠬᠡᠪᠰᠢ ᠬᠠᠮᠢᠶ᠎ᠠ ᠪᠦᠬᠦᠢ ᠪᠠᠷᠢᠮᠵᠢᠶ᠎ᠠ ᠪᠣᠯᠣᠨ ᠴᠠᠬᠢᠯᠭᠠᠨ ᠬᠡᠷᠡᠭᠯᠡᠬᠦ ᠂ ᠬᠡᠢ ᠬᠡᠷᠡᠭᠯᠡᠬᠦ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ ᠠᠷᠠᠴᠢᠯᠠᠵᠤ᠂ ᠪᠠᠶᠢᠴᠠᠭᠠᠨ ᠬᠡᠮᠵᠢᠬᠦ ᠬᠡᠷᠡᠭᠲᠡᠢ ᠃      ︵ ᠵᠢᠷᠭᠤᠭ᠎ᠠ ) ︽ ᠨᠡᠶᠢᠭᠡᠮ ᠤᠨ ᠨᠢᠭᠡᠴᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠵᠦᠭᠯᠡᠭᠦᠷ ︾ ︵ DB33/T828 - 2011 ︶ ᠢ ᠦᠨᠳᠦᠰᠦᠯᠡᠪᠡ ︶ ᠭᠠᠯ ᠤᠨᠲᠠᠷᠠᠭᠠᠬᠤ ᠠᠮᠤᠷ ᠲᠦᠪᠰᠢᠨ ᠤ ︽ ᠳᠥᠷᠪᠡᠨ ᠴᠢᠳᠠᠪᠤᠷᠢ ︾ ᠶᠢᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠬᠠᠮᠲᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠠᠩᠰᠠ ᠡᠪᠬᠡᠮᠡᠯ  ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠥᠪᠡᠷ  ᠢ ᠪᠠᠨ ᠦᠨᠡᠯᠡᠨ ᠵᠢᠱᠢᠬᠦ ᠭᠤᠷᠪᠠᠨ ᠵᠦᠢᠯ ᠤᠨ ᠮᠡᠳᠡᠭᠦᠯᠵᠦ ᠳᠠᠩᠰᠠᠯᠠᠭᠤᠯᠬᠤ ᠳᠦᠷᠢᠮ  ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠥᠪᠡᠷ  ᠢ ᠪᠠᠨ ᠬᠠᠮᠢᠶᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃      ︵ ᠳᠤᠯᠤᠭ᠎ᠠ ︶ ᠭᠠᠯ ᠰᠡᠷᠭᠡᠶᠢᠯᠡᠵᠦ ᠭᠠᠯ ᠤᠨᠲᠠᠷᠠᠭᠠᠬᠤ ᠬᠠᠤᠯᠢ ᠲᠣᠭᠲᠠᠭᠠᠯ ᠳᠦᠷᠢᠮ ᠵᠢᠴᠢ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ