︽ᠦᠶᠤᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/19
      ︽ ᠦᠶᠤᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯ ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠨᠢᠭᠡ᠂ ᠲᠣᠭᠲᠠᠭᠠᠭᠰᠠᠨ ᠠᠬᠤᠢ ᠪᠠᠶᠢᠳᠠᠯ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ ᠂ ︽ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ ︾ ︵ ᠲᠥᠷᠥ ᠠᠯᠪᠠᠨ ᠲᠠᠷᠬᠠᠭᠠᠭᠰᠠᠨ ﹇ 2020 ﹈ 1 ᠳ᠋ᠦ᠋ᠭᠡᠷ ᠲᠣᠭᠠᠲᠤ ︶ ᠂ ︽ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2020 ﹈ 66 ᠳ᠋ᠤᠭᠠᠷ ᠲᠣᠭᠠᠲᠤ ︶ ᠪᠣᠯᠣᠨ ︽ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ︾ ︵ ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ ﹇ 2020 ﹈ 67 ᠳ᠋ᠤᠭᠠᠷ ᠲᠣᠭᠠᠲᠤ ︶  ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠦᠶᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ ᠂ ︽ ᠦᠶᠤᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯ ︾ ︵ ᠳᠣᠷᠣᠭᠰᠢ ︽ ᠠᠵᠢᠯ ᠤᠨ ᠲᠥᠰᠥᠯ ︾ ᠭᠡᠵᠦ ᠲᠣᠪᠴᠢᠯᠠᠨ᠎ᠠ ︶ ᠢ ᠲᠦᠷᠦᠭᠦᠯᠡᠨ ᠨᠠᠶᠢᠷᠠᠭᠤᠯᠤᠨ ᠵᠣᠬᠢᠶᠠᠪᠠ᠃      ᠬᠤᠶᠠᠷ᠂ ᠲᠣᠭᠲᠠᠭᠠᠭᠰᠠᠨ ᠦᠨᠳᠦᠰᠦᠯᠡᠯ      ︽ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ ︾ ︵ ᠲᠥᠷᠥ ᠠᠯᠪᠠᠨ ᠲᠠᠷᠬᠠᠭᠠᠭᠰᠠᠨ ﹇ 2020 ﹈ 1 ᠳ᠋ᠦ᠋ᠭᠡᠷ ᠲᠣᠭᠠᠲᠤ ︶ ᠂ ︽ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ︹ 2020 ︺ 66 ᠳ᠋ᠤᠭᠠᠷ ᠲᠣᠭᠠᠲᠤ ︶ ᠪᠠ ︽ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ︾ ︵ ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ︹ 2020 ︺ 67 ᠳ᠋ᠤᠭᠠᠷ ᠲᠣᠭᠠᠲᠤ ︶ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ ᠠᠵᠢᠯ ᠤᠨ ᠲᠥᠰᠥᠯ ᠢ ᠨᠠᠶᠢᠷᠠᠭᠤᠯᠤᠨ ᠵᠣᠬᠢᠶᠠᠪᠠ᠃      ᠭᠤᠷᠪᠠ᠂ ᠲᠣᠭᠲᠠᠭᠠᠭᠰᠠᠨ ᠶᠠᠪᠤᠴᠠ      ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ 2023 ᠣᠨ ᠤ 12 ᠰᠠᠷ᠎ᠠ ᠳᠤ ︽ ᠦᠶᠤᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠠᠵᠢᠯ ᠤᠨ ᠲᠥᠰᠥᠯ ︾ ᠢ ᠭᠠᠷᠳᠠᠨ ᠲᠣᠭᠲᠠᠭᠠᠵᠤ ᠂ ᠲᠣᠭᠲᠠᠭᠠᠭᠰᠠᠨ ᠤ ᠳᠠᠷᠠᠭ᠎ᠠ ᠣᠯᠠᠨ ᠤᠳᠠᠭ᠎ᠠ ᠵᠣᠬᠢᠶᠠᠨ ᠪᠠᠶᠢᠭᠤᠯᠤᠨ ᠶᠠᠷᠢᠯᠴᠠᠭᠰᠠᠨ ᠪᠥᠭᠡᠳ ᠪᠢᠴᠢᠭ ᠮᠠᠲ᠋ᠧᠷᠢᠶᠠᠯ ᠤᠨ ᠠᠭᠤᠯᠭ᠎ᠠ ᠳᠤ ᠵᠠᠰᠠᠪᠤᠷᠢ ᠣᠷᠣᠭᠤᠯᠵᠤ᠂ ᠲᠠᠰ ᠳᠠᠷᠠᠭᠠᠯᠠᠯ ᠶᠣᠰᠣᠭᠠᠷ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠪᠠ ᠰᠦᠯᠵᠢᠶᠡᠨ ᠥᠷᠲᠡᠭᠡ ᠶᠢ ᠡᠯᠰᠡᠨ ᠴᠤᠭᠯᠠᠭᠤᠯᠵᠤ ᠪᠠᠶᠢᠴᠠᠭᠠᠯᠲᠠ ᠬᠢᠵᠦ ᠂ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠪᠥᠭᠡᠳ ᠲᠠᠰ ᠳᠠᠷᠠᠭᠠᠯᠠᠯ ᠤᠨ ᠶᠣᠰᠣᠭᠠᠷ ᠬᠠᠮᠲᠤᠷᠠᠨ ᠭᠠᠷ ᠤᠨ ᠥᠰᠥᠭ ᠵᠢᠷᠤᠵᠤ ᠂ 2024 ᠣᠨ ᠤ 1 ᠰᠠᠷ᠎ᠠ ᠶᠢᠨ 19 ᠤ ᠡᠳᠦᠷ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠢᠶᠠᠷ ᠳᠠᠮᠵᠢᠭᠤᠯᠤᠨ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃      ᠳᠥᠷᠪᠡ᠂ ᠠᠵᠢᠯ ᠤᠨ ᠬᠠᠷᠠᠯᠲᠠ      2024 ᠣᠨ ᠤ 1 ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠ ᠬᠥᠳᠡᠯᠦᠩᠭᠦᠢ ᠰᠢᠨᠡᠴᠢᠯᠡᠯᠲᠡ ᠶᠢᠨ ᠲᠣᠭᠲᠠᠴᠠ ᠶᠢ ᠪᠠᠶᠢᠭᠤᠯᠵᠤ ᠂ ᠬᠡᠰᠡᠭ ᠬᠦᠷᠢᠶ᠎ᠡ ᠬᠡᠪᠴᠢᠶᠡᠨ ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ ᠂ ᠵᠦᠢᠯᠡᠰ ᠤᠨ ᠶᠣᠰᠣᠭᠠᠷ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠬᠠᠷᠢᠭᠤᠴᠠᠯᠭ᠎ᠠ ᠶᠢᠨ ᠬᠡᠯᠬᠢᠶ᠎ᠡ ᠶᠢ ᠲᠣᠳᠣᠷᠬᠠᠶᠢᠯᠠᠨ ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃      2024 ᠣᠨ ᠤ ᠡᠴᠦᠰ ᠠᠴᠠ ᠡᠮᠦᠨ᠎ᠡ᠂ ᠨᠠᠩ ᠣᠯᠠᠨ ᠬᠦᠷᠢᠶ᠎ᠡ ᠴᠠᠷᠠᠭ᠎ᠠ᠂ ᠨᠠᠩ ᠶᠡᠭᠡ ᠬᠦᠷᠢᠶ᠎ᠡ ᠬᠡᠪᠴᠢᠶ᠎ᠡ᠂ ᠢᠯᠠᠩᠭᠤᠶ᠎ᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠭ᠎ᠠ ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ ᠂ ᠣᠯᠠᠨ ᠲᠠᠯ᠎ᠠ ᠠᠴᠠ ᠬᠢᠨᠠᠨ ᠬᠠᠮᠢᠶᠠᠷᠬᠤ ᠂ ᠳᠠᠪᠬᠤᠷᠳᠠᠭᠤᠯᠤᠨ ᠪᠠᠶᠢᠴᠠᠭᠠᠬᠤ᠂ ᠣᠯᠠᠨ ᠲᠠᠯ᠎ᠠ ᠠᠴᠠ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ︽ ᠨᠢᠭᠡ ᠯᠡ ᠤᠳᠠᠭ᠎ᠠ ᠳᠤ ᠬᠦᠷᠴᠦ᠂ ᠣᠯᠠᠨ ᠵᠦᠢᠯ ᠤᠨ ᠶᠠᠪᠤᠳᠠᠯ ᠢ ᠪᠠᠶᠢᠴᠠᠭᠠᠬᠤ ︾ ᠶᠢ ᠬᠡᠷᠡᠭᠵᠢᠭᠦᠯᠦᠨ᠎ᠡ᠃      2025 ᠣᠨ ᠤ ᠰᠡᠭᠦᠯᠴᠢ ᠠᠴᠠ ᠡᠮᠦᠨ᠎ᠡ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠂ ᠱᠠᠲᠤ ᠳᠠᠪᠬᠤᠷᠭ᠎ᠠ ᠠᠯᠤᠰᠯᠠᠭᠰᠠᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠨᠠᠩ ᠪᠦᠷᠢᠨ ᠲᠡᠭᠦᠯᠳᠡᠷ ᠂ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠩ ᠪᠦᠷᠢᠨ ᠲᠡᠭᠦᠯᠳᠡᠷ ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠨᠠᠩ ᠲᠥᠪ ᠭᠤᠤᠯᠴᠢ ᠪᠥᠭᠡᠳ ᠡᠮᠬᠢ ᠵᠢᠷᠤᠮ ᠲᠠᠢ ᠪᠣᠯᠭᠠᠵᠤ᠂ ᠬᠢᠨᠠᠯᠲᠠ ᠬᠠᠮᠢᠶᠠᠷᠤᠯᠲᠠ ᠶᠢ ᠨᠠᠷᠢᠯᠢᠭ ᠣᠨᠣᠴᠠᠲᠠᠢ ᠪᠠᠶᠢᠯᠭᠠᠬᠤ ᠪᠠ ᠣᠶᠤᠨᠴᠢᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ ᠂ ᠬᠢᠨᠠᠯᠲᠠ ᠬᠠᠮᠢᠶᠠᠷᠤᠯᠲᠠ ᠶᠢ ︽ ᠭᠠᠵᠠᠷ ᠪᠣᠯᠭᠠᠨ ᠳᠤ ᠬᠢᠬᠦ ᠦᠭᠡᠢ ︾ ᠮᠥᠷᠲᠡᠭᠡᠨ ︽ ᠤᠴᠢᠷ ᠦᠭᠡᠢ ᠪᠣᠯ ᠬᠠᠷᠰᠢᠯᠠᠬᠤ ᠦᠭᠡᠢ ︾ ᠪᠠᠶᠢᠬᠤ ᠶᠢ ᠦᠨᠡᠨᠬᠦ ᠪᠡᠶᠡᠯᠡᠭᠦᠯᠦᠨ᠎ᠡ ᠃      ᠲᠠᠪᠤ ᠂ ᠭᠤᠣᠯᠳᠠᠯᠭ᠎ᠠ ᠲᠠᠢ ᠡᠭᠦᠷᠭᠡ      ᠨᠢᠭᠡ ᠳᠤ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠪᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠᠲᠠᠢ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠬᠦ ᠶᠢᠨ ᠬᠠᠮᠲᠤ᠂ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠳᠤ ᠣᠷᠣᠭᠤᠯᠤᠨ ᠨᠢᠭᠡᠳᠦᠯᠲᠡᠢ ᠬᠠᠮᠢᠶᠠᠷᠬᠤ ᠬᠡᠷᠡᠭᠲᠡᠢ᠃      ᠬᠤᠶᠠᠷ ᠲᠤ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠰᠢᠶᠠᠨ ᠤ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠂ ︽ ᠭᠤᠷᠪᠠ ᠶᠢ ᠲᠣᠭᠲᠠᠭᠠᠬᠤ ︾ ᠲᠣᠭᠲᠠᠭᠠᠯ ᠪᠠ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠣᠰᠣᠭᠠᠷ᠂ ︽ ᠬᠦᠷᠢᠶᠡᠨ ᠳᠠᠬᠢ ᠰᠢᠰᠲ᠋ᠧᠮᠵᠢᠭᠦᠯᠦᠯᠲᠡ᠂ ᠲᠤᠬᠠᠶᠢᠯᠠᠭᠰᠠᠨ ᠠᠵᠢᠯ ᠣᠶᠢᠷᠠᠯᠴᠠᠭ᠎ᠠ᠂ ᠪᠠᠭᠲᠠᠭᠠᠬᠤ ᠶᠣᠰᠣᠲᠠᠢ ᠶᠢ ᠨᠢ ᠴᠥᠮ ᠣᠷᠣᠭᠤᠯᠬᠤ ︾ ᠱᠠᠭᠠᠷᠳᠠᠯᠭ᠎ᠠ ᠶᠣᠰᠣᠭᠠᠷ ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠲᠦᠷᠦᠭᠦᠯᠡᠬᠦ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭ᠎ᠠ ᠶᠢ ᠡᠭᠦᠷᠭᠡᠯᠡᠵᠦ ᠂ ᠬᠠᠮᠵᠢᠯᠴᠠᠬᠤ ᠰᠠᠯᠠᠭ᠎ᠠ ᠮᠥᠴᠢᠷ ᠤᠨ ᠠᠵᠢᠯ ᠶᠠᠪᠤᠳᠠᠯ ᠤᠨ ᠡᠷᠬᠡ ᠶᠢ ᠬᠤᠪᠢᠶᠠᠷᠢᠯᠠᠨ ᠂ ᠪᠥᠬᠦ ᠶᠠᠪᠤᠴᠠ ᠶᠢᠨ ᠡᠯ᠎ᠡ ᠵᠠᠩᠭᠢᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠭᠲᠠᠭᠠᠬᠤ ᠬᠡᠷᠡᠭᠲᠡᠢ ᠃      ᠭᠤᠷᠪᠠ ᠳᠤ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ ︽ ᠶᠡᠭᠡ ᠶᠡᠷᠦᠩᠬᠡᠶᠢᠯᠡᠨ ᠨᠢᠭᠡ ᠴᠣᠭᠴᠠᠵᠢᠭᠤᠯᠬᠤ ︾ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠡᠩᠨᠡᠭᠡ ᠶᠢ ᠡᠮᠬᠢᠯᠡᠨ ᠨᠡᠶᠢᠯᠡᠭᠦᠯᠬᠦ ᠂  ᠬᠦᠴᠦᠨ ᠢ ᠳᠣᠷᠣᠭᠰᠢ ᠪᠠᠭᠤᠯᠭᠠᠬᠤ ᠂ ᠨᠢᠭᠡᠳᠦᠯᠲᠡᠢ ᠵᠢᠯᠤᠭᠤᠳᠬᠤ ᠂ ᠲᠣᠭᠠᠵᠢᠭᠤᠯᠤᠨ ᠴᠢᠳᠠᠪᠤᠷᠢ ᠣᠯᠭᠤᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠠᠭᠤᠰᠤᠯᠴᠠᠯ ᠢ ᠠᠬᠢᠭᠤᠯᠵᠤ ᠂ ︽ ᠨᠢᠭᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ ︾ ᠶᠢ ᠭᠦᠨᠵᠡᠭᠡᠢ ᠲᠦᠯᠬᠢᠨ ᠠᠬᠢᠭᠤᠯᠵᠤ ᠂ ᠦᠨᠳᠦᠰᠦᠨ ᠱᠠᠲᠤᠨ ᠤ ᠡᠯ᠎ᠡ ᠲᠥᠷᠥᠯ ᠤᠨ ᠬᠦᠴᠢᠷ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠬᠤ ᠬᠡᠷᠡᠭᠲᠡᠢ ᠃      ᠳᠥᠷᠪᠡ ᠳᠤ ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠰᠤᠭᠤᠴᠢᠨ ᠪᠠᠶᠢᠴᠠᠭᠠᠵᠤ ᠪᠠᠶᠢᠴᠠᠭᠠᠬᠤ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ︽ ᠬᠤᠶᠠᠷ ᠢ ᠰᠤᠭᠤᠴᠢᠵᠤ ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠰᠤᠭᠤᠴᠢᠨ ᠪᠠᠶᠢᠴᠠᠭᠠᠬᠤ ᠳᠤ ᠶᠡᠷᠦ ᠳᠡᠭᠡᠨ ︽ ᠬᠤᠶᠠᠷ ᠢ ᠰᠤᠭᠤᠴᠢᠵᠤ ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠪᠴᠤ ᠂ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠵᠡᠷᠭᠡ ᠳᠡᠰ ᠪᠠ ᠲᠦᠭᠰᠢᠭᠦᠷᠢ ᠶᠢ ᠲᠥᠷᠥᠯ ᠬᠤᠪᠢᠶᠠᠬᠤ ᠯᠤᠭ᠎ᠠ ᠤᠶᠠᠯᠳᠤᠭᠤᠯᠤᠨ ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠰᠤᠭᠤᠴᠢᠨ ᠪᠠᠶᠢᠴᠠᠭᠠᠬᠤ ᠬᠠᠷᠢᠴᠠᠯ ᠂ ᠤᠳᠠᠭ᠎ᠠ ᠪᠠ ᠣᠷᠣᠯᠴᠠᠬᠤ ᠰᠠᠯᠠᠭ᠎ᠠ ᠮᠥᠴᠢᠷ ᠵᠡᠷᠭᠡ ᠶᠢ ᠵᠦᠢ ᠵᠣᠬᠢᠰᠲᠠᠢ ᠲᠣᠭᠲᠠᠭᠠᠨ᠎ᠠ᠃       ᠲᠠᠪᠤ ᠳᠤ ᠂ ᠠᠶᠤᠯ ᠲᠦᠭᠰᠢᠭᠦᠷᠢ ᠶᠢᠨ ᠳᠠᠯᠳᠠ ᠬᠡᠮ ᠢ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠲᠣᠮᠣ ᠳ᠋ᠠᠶᠢᠲ᠋ᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠪᠣᠳᠠᠰᠯᠢᠭ ᠬᠤᠯᠪᠣᠭᠠᠲᠤ ᠰᠦᠯᠵᠢᠶ᠎ᠡ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ  ᠢ ᠢᠳᠡᠪᠬᠢᠲᠡᠢ ᠬᠡᠷᠡᠭᠯᠡᠵᠦ᠂ ᠬᠢᠨᠠᠨ ᠰᠢᠨᠵᠢᠵᠦ ᠰᠡᠷᠡᠵᠦ ᠮᠡᠳᠡᠬᠦ ᠰᠡᠷᠡᠮᠵᠢᠯᠡᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠵᠢᠷᠭᠤᠭ᠎ᠠ ᠳᠤ ᠂ ᠠᠰᠠᠭᠤᠳᠠᠯ ᠤᠨ ᠰᠦᠪᠡᠭᠴᠢ ᠶᠢ ᠰᠠᠯᠠᠭ᠎ᠠ ᠮᠥᠴᠢᠷ ᠠᠯᠤᠰᠯᠠᠨ ᠬᠠᠮᠲᠤᠷᠠᠨ ᠰᠢᠢᠳᠪᠦᠷᠢᠯᠡᠵᠦ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠭᠠᠯᠳᠤᠬᠤ᠂ ᠢᠯᠡᠴᠢᠯᠡᠨ ᠮᠡᠳᠡᠭᠦᠯᠬᠦ ᠂ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠮᠡᠳᠡᠭᠡ ᠵᠠᠩᠭᠢ ᠶᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠳᠤ ᠲᠦᠰᠢᠭᠯᠡᠨ ᠂ ᠠᠰᠠᠭᠤᠳᠠᠯ ᠤᠨ ᠰᠦᠪᠡᠭᠴᠢ ᠶᠢ ᠰᠠᠯᠭᠠᠨ ᠭᠦᠢᠴᠡᠳᠬᠡᠬᠦ᠂ ᠰᠢᠯᠵᠢᠭᠦᠯᠦᠨ ᠭᠦᠢᠴᠡᠳᠬᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠳᠣᠯᠤᠭ᠎ᠠ ᠳᠤ ᠂ ᠰᠠᠯᠠᠭ᠎ᠠ ᠮᠥᠴᠢᠷ ᠠᠯᠤᠰᠯᠠᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠳᠦᠷᠢᠮ ᠢ ᠪᠠᠶᠢᠭᠤᠯᠵᠤ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠤᠳᠤᠯᠵᠤ ᠂ ᠲᠠᠰ ᠲᠥᠷᠥᠯ ᠬᠤᠪᠢᠶᠠᠬᠤ ᠪᠠᠷᠢᠮᠵᠢᠶ᠎ᠠ ᠵᠢᠴᠢ ᠵᠣᠬᠢᠴᠠᠩᠭᠤᠢ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃      ᠨᠠᠢᠮᠠ ᠳᠤ ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ︽ ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ ︾ ᠶᠢᠨ ᠰᠢᠰᠲ᠋ᠧᠮ ᠳᠤ ᠲᠦᠰᠢᠭᠯᠡᠨ ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠂ ᠵᠠᠳᠠᠯᠤᠨ ᠦᠨᠡᠯᠡᠬᠦ ᠂ ᠭᠡᠷᠡᠴᠢ ᠪᠠᠷᠢᠮᠲᠠ ᠶᠢ ᠬᠠᠷᠢᠯᠴᠠᠨ ᠮᠡᠳᠡᠷᠡᠬᠦ ᠂ ᠬᠠᠮᠲᠤᠷᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠴᠢᠳᠠᠮᠵᠢ ᠶᠢ ᠲᠡᠭᠦᠯᠳᠡᠷᠵᠢᠭᠦᠯᠵᠦ ᠂ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠰᠢᠢᠳᠬᠡᠯ ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠪᠦᠬᠦ ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠵᠢᠴᠢ ᠬᠢᠨᠠᠯᠲᠠ ᠬᠠᠮᠢᠶᠠᠷᠤᠯᠲᠠ ᠶᠢᠨ ᠪᠦᠬᠦ ᠶᠠᠪᠤᠴᠠ ᠶᠢ ᠮᠥᠷᠳᠡᠵᠦ ᠪᠣᠯᠬᠤ ᠂ ᠲᠤᠭ᠎ᠠ ᠪᠠᠷᠢᠮᠲᠠ ᠶᠢᠨ ᠪᠦᠬᠦ ᠶᠠᠪᠤᠴᠠ ᠶᠢ ᠪᠠᠶᠢᠴᠠᠭᠠᠨ ᠯᠠᠪᠯᠠᠵᠤ ᠪᠣᠯᠬᠤ ᠶᠢ ᠪᠡᠶᠡᠯᠡᠭᠦᠯᠵᠦ ᠂ ᠰᠠᠯᠠᠭ᠎ᠠ ᠮᠥᠴᠢᠷ ᠠᠯᠤᠰᠯᠠᠭᠰᠠᠨ ᠂ ᠣᠷᠣᠨ ᠪᠦᠰᠡ ᠠᠯᠤᠰᠯᠠᠭᠰᠠᠨ᠂ ᠱᠠᠲᠤ ᠳᠠᠪᠬᠤᠷᠭ᠎ᠠ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠲᠤᠯᠭᠠᠭᠤᠷᠢᠯᠠᠨ᠎ᠠ᠃      ᠶᠢᠰᠦ ᠳᠤ ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠷᠢᠯᠴᠠᠨ ᠨᠠᠪᠲᠠᠷᠡᠭᠦᠯᠵᠦ ᠬᠠᠮᠲᠤ ᠪᠠᠷ ᠡᠳ᠋ᠯᠡᠬᠦ ᠶᠢ ᠶᠡᠭᠡ ᠪᠠᠷ ᠠᠬᠢᠭᠤᠯᠤᠨ᠎ᠠ᠃ ︽ ᠬᠠᠷᠢᠯᠴᠠᠨ ᠬᠤᠯᠪᠣᠭᠠᠯᠠᠵᠤ ᠬᠢᠨᠠᠨ ᠬᠠᠮᠢᠶᠠᠷᠬᠤ ︾ ᠬᠢᠭᠡᠳ ︽ ᠬᠤᠶᠠᠷ ᠢ ᠲᠣᠬᠢᠶᠠᠯᠳᠤᠯ ᠢᠶᠠᠷ ᠬᠢᠵᠦ ᠨᠢᠭᠡ ᠶᠢ ᠢᠯᠡ ᠪᠣᠯᠭᠠᠬᠤ ︾ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ ᠵᠣᠬᠢᠴᠠᠭᠤᠯᠤᠨ ᠠᠬᠢᠭᠤᠯᠵᠤ ᠂ ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠲᠠᠪᠴᠠᠩ ᠪᠠ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠂ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠤᠷᠠᠮᠳᠤᠭᠤᠯᠵᠤ ᠂ ᠡᠯ᠎ᠡ ᠲᠥᠷᠥᠯ ᠤᠨ ᠰᠠᠭᠤᠷᠢ ᠲᠤᠭ᠎ᠠ ᠪᠠᠷᠢᠮᠲᠠ ᠪᠠ ᠭᠤᠣᠯ ᠴᠣᠭᠴᠠ ᠶᠢᠨ ᠲᠤᠭ᠎ᠠ ᠪᠠᠷᠢᠮᠲᠠ ᠶᠢ ᠠᠮᠤᠷ ᠲᠦᠪᠰᠢᠨ ᠡᠮᠬᠢ ᠵᠢᠷᠤᠮ ᠲᠠᠢ ᠪᠠᠷ ᠬᠡᠷᠡᠭᠴᠡᠭᠡ ᠶᠣᠰᠣᠭᠠᠷ ᠰᠢᠯᠵᠢᠭᠦᠯᠦᠨ ᠬᠡᠷᠡᠭᠯᠡᠵᠦ ᠂ ᠡᠯ᠎ᠡ ᠲᠠᠰ ᠳᠠᠪᠬᠤᠷᠭ᠎ᠠ ᠶᠢᠨ ᠲᠤᠬᠠᠶᠢᠯᠠᠭᠰᠠᠨ ᠠᠵᠢᠯ ᠤᠨ ᠨᠡᠶᠢᠯᠡᠯ᠂ ᠲᠤᠭ᠎ᠠ ᠪᠠᠷᠢᠮᠲᠠ ᠶᠢᠨ ᠠᠭᠤᠰᠤᠯᠴᠠᠯ ᠂ ᠮᠡᠷᠭᠡᠵᠢᠯ ᠤᠨ ᠠᠭᠤᠰᠤᠯᠴᠠᠯ ᠢ ᠪᠡᠶᠡᠯᠡᠭᠦᠯᠦᠨ᠎ᠡ᠃      ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ      ᠨᠢᠭᠡ ᠳᠤ ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ ᠲᠠᠯᠪᠢᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠢᠶᠠᠷ ᠤᠳᠤᠷᠢᠳᠬᠤ ᠳᠤᠭᠤᠶᠢᠯᠠᠩ ᠪᠣᠯᠭᠠᠵᠤ ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ ᠂ ᠦᠵᠦ ᠲᠥᠯᠥᠪᠯᠡᠭᠡ ᠪᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠴᠢᠩᠭᠠᠳᠬᠠᠵᠤ ᠂ ᠲᠤᠭ᠎ᠠ ᠪᠠᠷᠢᠮᠲᠠ ᠶᠢᠨ ᠥᠨᠥᠴᠢᠨ ᠠᠷᠠᠯ ᠢ ᠠᠷᠢᠯᠭᠠᠨ᠂ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃      ᠬᠤᠶᠠᠷ ᠲᠤ ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠲᠤᠰᠬᠠᠢ ᠰᠢᠮᠳᠠᠭᠤᠯᠤᠨ ᠪᠠᠶᠢᠴᠠᠭᠠᠬᠤ ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠰᠢᠵᠦ ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠵᠢᠯᠣᠭᠤᠳᠤᠨ ᠠᠬᠢᠭᠤᠯᠬᠤ ᠬᠡᠷᠡᠭᠲᠡᠢ ᠃      ᠭᠤᠷᠪᠠ ᠳᠤ ᠂ ᠤᠬᠠᠭᠤᠯᠭ᠎ᠠ ᠪᠣᠯᠪᠠᠰᠤᠷᠠᠯ ᠢ ᠰᠠᠶᠢᠲᠤᠷ ᠬᠢᠬᠦ ᠬᠡᠷᠡᠭᠲᠡᠢ ᠃ ᠪᠣᠳᠠᠲᠠᠢ ᠲᠠᠢ ᠪᠠᠨ ᠤᠶᠠᠯᠳᠤᠭᠤᠯᠤᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠵᠣᠷᠢᠭᠲᠠᠢ ᠪᠠᠷ ᠬᠠᠶᠢᠨ ᠰᠦᠪᠡᠭᠴᠢᠯᠡᠬᠦ ᠬᠡᠷᠡᠭᠲᠡᠢ ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ