ᠠᠹᠷᠢᠺᠠ ᠲᠢᠪ ᠤᠨ ᠭᠠᠭ᠋ᠠᠢ ᠶᠢᠨ ᠬᠢᠵᠢᠭ ᠪᠣᠯ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠸᠢᠷᠦ᠋ᠰ ᠠᠴᠠ ᠡᠭᠦᠰᠦᠭᠰᠡᠨ ᠭᠡᠷ ᠤᠨ ᠭᠠᠭ᠋ᠠᠢ᠂ ᠬᠡᠭᠡᠷ᠎ᠡ ᠶᠢᠨ | ᠭᠠᠭ᠋ᠠᠢ ᠳᠤ ᠲᠤᠰᠳᠡᠭ᠋ᠨᠢᠭᠡ ᠵᠦᠢᠯ ᠤᠨ ᠲᠦᠷᠭᠡᠨ ᠴᠢᠨᠠᠷᠲᠠᠢ᠂ ᠬᠠᠯᠠᠭᠤᠨ ᠴᠢᠨᠠᠷᠲᠠᠢ᠂ ᠳᠡᠭᠡᠳᠦ ᠬᠡᠮᠵᠢᠶ᠎ᠡ ᠪᠠᠷ ᠬᠦᠷᠦᠯᠴᠡᠬᠦ ᠴᠢᠨᠠᠷᠲᠠᠢ ᠠᠮᠢᠲᠠᠨ ᠤ ᠬᠠᠯᠳᠠᠪᠤᠷᠢᠲᠤ | ᠡᠪᠡᠳᠴᠢᠨ ᠪᠣᠯᠣᠨ᠎ᠠ᠂ᠠᠯᠢᠪᠠᠡᠭᠦᠯᠳᠡᠷ ᠪᠠᠶᠠᠮᠠᠷᠪᠠᠨᠠᠰᠤ ᠵᠢᠯ ᠤᠨ ᠭᠠᠭ᠋ᠠᠢ ᠳᠤ ᠴᠥᠮ ᠬᠠᠯᠳᠠᠪᠤᠷᠢᠯᠠᠵᠤ ᠪᠣᠯᠬᠤ ᠪᠥᠭᠡᠳ ᠡᠪᠡᠳᠴᠢᠯᠡᠭᠦᠯᠬᠦᠨᠣᠷᠮᠠ ᠪᠠ ᠦᠬᠦᠭᠦᠯᠬᠦ | ᠨᠣᠷᠮ᠎ᠠ ᠨᠢ ᠬᠠᠮᠤᠭ ᠥᠨᠳᠥᠷ ᠲᠤ ᠪᠠᠨ100% ᠳᠤ ᠭᠥᠷᠳᠡᠭ ᠪᠥᠭᠡᠳ ᠣᠳᠣᠬᠠᠨ ᠳᠤ ᠪᠥᠬᠦ ᠳᠡᠯᠡᠬᠡᠢ ᠳᠤ ᠪᠦᠲᠦᠮᠵᠢᠲᠡᠶ ᠸᠠᠺᠼᠢᠨ ᠪᠠᠶᠢᠬᠤ ᠦᠭᠡᠢ᠃ ᠲᠣᠰ | ᠸᠢᠷᠦ᠋ᠰ ᠨᠢ ᠬᠦᠴᠢᠯ ᠳᠤ ᠲᠡᠰᠪᠦᠷᠢᠲᠡᠢ ᠱᠦᠯᠲᠦ ᠳ᠋ᠤ᠋ᠲ᠋ᠡᠰᠪᠦᠷᠢ ᠦᠭᠡᠢ᠂ ᠬᠦᠢᠲᠡᠨ ᠳᠤ ᠲᠡᠰᠪᠦᠷᠢᠲᠡᠢ ᠬᠠᠯᠠᠭᠤᠨ ᠳ᠋ᠤ᠋ᠲ᠋ᠡᠰᠪᠦᠷᠢᠦᠭᠡᠢ ᠣᠨᠴᠠᠯᠢᠭ ᠲᠠᠢ᠂ ᠡᠷᠡᠭᠦᠯ ᠭᠠᠭ᠋ᠠᠢ | ᠡᠪᠡᠳᠴᠢᠯᠡᠭᠰᠡᠨ ᠭᠠᠭ᠋ᠠᠢ ᠲᠠᠢ ᠬᠦᠷᠦᠯᠴᠡᠬᠦᠪᠤᠶᠤ ᠪᠣᠬᠢᠷᠳᠤᠯ ᠪᠣᠳᠠᠰ ᠲᠠᠢ ᠰᠢᠭᠤᠳ ᠬᠦᠷᠦᠯᠴᠡᠬᠦ ᠪᠣᠯ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠬᠠᠮᠤᠭ ᠤᠨ | ᠭᠤᠣᠯ ᠬᠠᠯᠳᠠᠪᠤᠷᠢᠯᠠᠬᠤ ᠠᠷᠭ᠎ᠠ ᠵᠠᠮ ᠮᠥᠨ᠂ ᠭᠠᠭ᠋ᠠᠢ ᠨᠢᠬᠤᠣᠷ ᠲᠠᠢ ᠱᠠᠯᠵᠠ ᠵᠡᠷᠭᠡ ᠵᠠᠭᠤᠴᠢ ᠰᠢᠪᠠᠵᠢ ᠳᠤ ᠬᠠᠳᠬᠤᠭᠳᠠᠭᠰᠠᠨ ᠴᠤ ᠬᠠᠯᠳᠠᠪᠤᠷᠢᠯᠠᠭᠳᠠᠳᠠᠭ᠃ | ᠳᠡᠯᠡᠬᠡᠢ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠲᠡᠭᠦᠨ ᠢ ᠬᠠᠤᠯᠢ ᠪᠠᠷ ᠲᠣᠭᠲᠠᠭᠠᠭᠰᠠᠨᠲ᠋ᠡᠭᠡᠭᠰᠢ ᠮᠡᠳᠡᠭᠦᠯᠬᠦ ᠠᠮᠢᠲᠠᠨ ᠤ ᠬᠢᠵᠢᠭ | ᠡᠪᠡᠳᠴᠢᠨ ᠳᠤ ᠣᠷᠣᠭᠤᠯᠵᠤ᠂ ᠮᠠᠨ ᠤ ᠤᠯᠤᠰ ᠲᠡᠭᠦᠨ ᠢ ᠨᠢᠭᠡᠳᠦᠭᠡᠷ ᠲᠦᠷᠦᠯ ᠤᠨ ᠠᠮᠢᠲᠠᠨ ᠤ ᠬᠢᠵᠢᠭ ᠡᠪᠡᠳᠴᠢᠨ ᠳᠤ ᠣᠷᠣᠭᠤᠯᠪᠠ᠃ | ᠠᠹᠷᠢᠺᠠ ᠲᠢᠪ ᠤᠨ ᠭᠠᠭ᠋ᠠᠢ ᠶᠢᠨ ᠬᠢᠵᠢᠭ ᠪᠣᠯ ᠬᠥᠮᠥᠨ ᠮᠠᠯ ᠳᠤ ᠪᠦᠷᠬᠠᠯᠳᠠᠪᠤᠷᠢᠯᠠᠬᠤᠬᠠᠯᠳᠠᠪᠤᠷᠢᠲᠤ ᠡᠪᠡᠳᠴᠢᠨ ᠪᠢᠰᠢ᠂ ᠭᠡᠪᠡᠴᠦ ᠭᠠᠭ᠋ᠠᠢ ᠶᠢᠨ | ᠦᠢᠯᠡᠳᠪᠦᠷᠢᠯᠡᠯ ᠳᠤ ᠬᠦᠨᠳᠦ ᠶᠡᠭᠡ ᠬᠤᠣᠷ ᠬᠥᠨᠥᠭᠡᠯ ᠲᠠᠢ ᠶᠤᠮ᠃ ᠮᠠᠨ ᠤ ᠤᠯᠤᠰ ᠪᠣᠯᠠᠮᠢᠳᠤᠭᠠᠭ᠋ᠠᠢ ᠲᠡᠵᠢᠭᠡᠨ ᠦᠷᠡᠵᠢᠭᠦᠯᠬᠦ ᠪᠠ ᠪᠦᠲᠦᠭᠡᠭᠳᠡᠬᠦᠨ ᠤ | ᠬᠡᠷᠡᠭᠯᠡᠭᠡᠨ ᠤ ᠲᠣᠮᠣ ᠤᠯᠤᠰ ᠪᠣᠯᠣᠨ᠎ᠠ᠂ ᠭᠠᠭ᠋ᠠᠢ ᠶᠢᠨ ᠮᠢᠬ᠎ᠠ ᠪᠣᠯ ᠰᠠᠭᠤᠭᠠᠯᠢ ᠠᠷᠠᠳ ᠤᠨ ᠭᠤᠣᠯ ᠪᠣᠯᠬᠤ ᠮᠢᠬᠠᠨ ᠤ ᠵᠦᠢᠯ ᠤᠨ ᠤᠭᠤᠷᠠᠭ ᠤᠨ ᠢᠷᠡᠯᠲᠡ ᠮᠥᠨ᠂ | ᠭᠠᠭ᠋ᠠᠢ ᠶᠢᠨ ᠮᠢᠬᠠᠨ ᠤ ᠵᠦᠢᠯ ᠤᠨ ᠬᠡᠷᠡᠭᠯᠡᠭᠡ ᠨᠢ ᠪᠥᠬᠦ ᠮᠢᠬᠠᠨ ᠤ ᠵᠦᠢᠯ ᠤᠨ ᠬᠡᠷᠡᠭᠯᠡᠭᠡᠨ ᠤ 60% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ︔ ᠠᠮᠢᠳᠤ | ᠭᠠᠭ᠋ᠠᠢ ᠶᠢᠨ ᠲᠡᠵᠢᠭᠡᠨᠦᠷᠡᠵᠢᠭᠦᠯᠬᠦᠬᠡᠮᠵᠢᠶᠡ ᠪᠠ ᠲᠡᠵᠢᠭᠡᠵᠦ ᠪᠠᠶᠢᠭ᠎ᠠ ᠬᠡᠮᠵᠢᠶ᠎ᠡ ᠨᠢ ᠪᠠᠷᠤᠭ ᠪᠦᠬᠦ ᠳᠡᠯᠡᠬᠡᠢ ᠶᠢᠨ ᠶᠡᠷᠦᠩᠬᠡᠢ ᠬᠡᠮᠵᠢᠶᠡᠨ ᠤ ᠬᠠᠭᠠᠰ ᠢ ᠡᠵᠡᠯᠡᠨ᠎ᠡ᠃ | ᠮᠠᠨ ᠤ ᠤᠯᠤᠰ ᠤᠨᠡᠶᠢᠮᠦ ᠶᠡᠭᠡᠭᠠᠭ᠋ᠠᠢ ᠲᠡᠵᠢᠭᠡᠨ ᠦᠷᠡᠵᠢᠭᠦᠯᠬᠦ ᠬᠡᠪᠴᠢᠶᠡᠵᠢᠯ ᠳᠣᠣᠷ᠎ᠠ᠂ ᠭᠠᠭ᠋ᠠᠢ ᠶᠢ ᠰᠢᠯᠵᠢᠭᠦᠯᠦᠨ ᠵᠥᠭᠡᠭᠡᠪᠦᠷᠢᠯᠡᠬᠦᠲ᠋ᠠᠪᠲᠠᠮᠵᠢᠤᠳᠠᠭᠠ ᠨᠢ ᠥᠨᠳᠥᠷ᠂ | ᠬᠡᠪᠴᠢᠶ᠎ᠡ ᠨᠢ ᠶᠡᠭᠡ ᠪᠠᠶᠢᠳᠠᠭ᠂ ᠬᠡᠷᠪᠡ ᠠᠹᠷᠢᠺᠠ ᠲᠢᠪ ᠤᠨ ᠭᠠᠭ᠋ᠠᠢ ᠶᠢᠨ ᠬᠢᠵᠢᠭ ᠳᠡᠯᠭᠡᠷᠡᠬᠦ ᠳᠤ ᠬᠦᠷᠪᠡᠯ᠂ ᠮᠠᠨ ᠤ ᠤᠯᠤᠰ ᠤᠨ ᠭᠠᠭ᠋ᠠᠢ ᠲᠡᠵᠢᠭᠡᠨ ᠦᠷᠡᠵᠢᠭᠦᠯᠬᠦ | ᠦᠢᠯᠡᠰ ᠲᠤ ᠲᠤᠶᠢᠯ ᠤᠨ ᠶᠡᠭᠡᠬᠤᠬᠢᠷᠠᠯᠤᠴᠠᠷᠠᠭᠤᠯᠵᠤ᠂ ᠭᠠᠭ᠋ᠠᠢ ᠶᠢᠨ ᠮᠢᠬᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠥᠯᠥᠭᠡᠯᠡᠵᠦ ᠮᠡᠳᠡᠨ᠎ᠠ᠃ | ᠣᠶᠢᠷ᠎ᠠ ᠶᠢᠨ ᠵᠢᠯ ᠡᠴᠠᠨᠠᠭᠠᠰᠢ᠂ ᠵᠡᠭᠦᠨ ᠡᠸᠦ᠋ᠷᠦᠫᠡ ᠳᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠪᠠᠶᠢᠨ ᠳᠠᠬᠢᠨ ᠳᠡᠯᠭᠡᠷᠡᠵᠦ ᠪᠠᠶᠢᠨ᠎ᠠ᠃2014 - 2017 | ᠣᠨ ᠳᠤ᠂ ᠣᠷᠣᠰ ᠵᠡᠷᠭᠡ ᠵᠡᠭᠦᠨ ᠡᠸᠦ᠋ᠷᠦᠫᠡ ᠶᠢᠨ ᠤᠯᠤᠰ ᠤᠳ ᠤᠨ 80 ᠲᠦᠮᠡ ᠰᠢᠬᠠᠮ ᠭᠠᠭ᠋ᠠᠢ ᠦᠬᠦᠭᠰᠡᠨ ᠪᠤᠶᠤ ᠤᠰᠠᠳᠬᠠᠭᠳᠠᠵᠠᠢ᠂ ᠭᠠᠭ᠋ᠠᠢ ᠨᠢᠭᠡᠪᠦᠷᠢ ᠶᠢ | 135 ᠳ᠋ᠣᠯᠯᠠᠷ ︵ᠣᠷᠣᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠤ ᠲᠠᠯ᠎ᠠ ᠶᠢᠨ ᠪᠦᠷᠢᠳᠬᠡᠯ ᠤᠨ ᠲᠤᠭ᠎ᠠ ᠪᠠᠷᠢᠮᠲᠠ ᠶᠢ ᠦᠨᠳᠦᠰᠦᠯᠡᠬᠦ ᠶᠢᠨ | ᠬᠠᠮᠲᠤ ᠲᠤᠬᠠᠢ ᠶᠢᠨ ᠦᠶ᠎ᠡ ᠶᠢᠨ ᠭᠤᠪᠢᠭᠤᠯᠭ᠎ᠠ ᠶᠢᠨ ᠨᠣᠷᠮ᠎ᠠ ᠪᠠᠷ ᠪᠤᠳᠤᠪᠠ︶ ᠢᠶᠠᠷ ᠪᠤᠳᠤᠪᠠᠯ᠂ ᠠᠵᠤ ᠠᠬᠤᠢ ᠶᠢᠨ ᠰᠢᠭᠤᠳ ᠬᠤᠬᠢᠷᠠᠯ ᠨᠢ ᠪᠠᠷᠤᠭ 1 ᠳ᠋ᠦᠩᠰᠢᠭᠤᠷ | ᠳ᠋ᠣᠯᠯᠠᠷ ᠲᠤ ᠬᠦᠷᠴᠡᠢ᠃2014 - 2015 ᠣᠨ ᠳᠤ᠂ ᠫᠤᠯᠠᠨᠳ᠋᠂ ᠯᠢᠳ᠋ᠸᠠ᠂ ᠯᠠᠳ᠋ᠸᠢᠶᠠ ᠪᠣᠯᠣᠨ ᠤᠰᠲ᠋ᠤᠨᠢᠶᠠ ᠳᠤ ᠠᠹᠷᠢᠺᠠ ᠲᠢᠪ ᠤᠨ ᠭᠠᠭ᠋ᠠᠢ ᠶᠢᠨ ᠬᠢᠵᠢᠭ | ᠳᠡᠯᠭᠡᠷᠡᠭᠰᠡᠨ ᠬᠤᠭᠤᠴᠠᠭᠠᠨ ᠳᠤ᠂ ᠭᠠᠭ᠋ᠠᠢ ᠶᠢᠨ ᠮᠢᠬ᠎ᠠ ᠪᠣᠯᠣᠨ ᠭᠠᠭ᠋ᠠᠢ ᠶᠢᠨ ᠪᠦᠲᠦᠭᠡᠭᠳᠡᠬᠦᠨ ᠤᠭᠠᠳᠠᠭᠠᠳᠤ ᠳᠤ ᠭᠠᠷᠭᠠᠬᠤ ᠥᠷᠲᠡᠭ 9.61 ᠳ᠋ᠦᠩᠰᠢᠭᠤᠷ ᠳ᠋ᠣᠯᠯᠠᠷ | ᠪᠠᠭᠠᠰᠴᠠᠢ᠃ᠷᠣᠮᠠᠨᠢᠶ᠎ᠠ ᠳᠤ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠪᠠᠶᠢᠳᠠᠯ 1 ᠵᠢᠯ ᠭᠠᠷᠤᠢ ᠳᠡᠯᠭᠡᠷᠡᠭᠰᠡᠨᠬᠤᠭᠤᠴᠠᠭᠠᠨ ᠳᠤ᠂ ᠬᠡᠳᠦᠨ ᠳ᠋ᠦᠩᠰᠢᠭᠤᠷ ᠠᠴᠠ | ᠬᠡᠳᠦᠨ ᠠᠷᠪᠠᠨ ᠳ᠋ᠦᠩᠰᠢᠭᠤᠷ ᠳ᠋ᠣᠯᠯᠠᠷ ᠤᠨ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ᠡᠭᠦᠨ ᠠᠴᠠ ᠭᠠᠳᠠᠨ᠎ᠠ᠂ ᠠᠹᠷᠢᠺᠠ ᠲᠢᠪ ᠤᠨ ᠭᠠᠭ᠋ᠠᠢ ᠶᠢᠨ | ᠬᠢᠵᠢᠭ ᠢ ᠦᠨᠳᠦᠰᠦ ᠪᠠᠷ ᠨᠢ ᠠᠷᠢᠯᠭᠠᠬᠤ ᠳᠤ ᠯᠤᠲᠤ ᠶᠡᠭᠡ ᠮᠥᠩᠭᠦ ᠵᠠᠷᠤᠴᠠᠭᠤᠯᠵᠠᠢ᠂ ᠵᠥᠪᠬᠡᠨ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠦᠨᠳᠦᠰᠦ ᠪᠠᠷ ᠨᠢ | ᠤᠰᠠᠳᠬᠠᠬᠤᠲ᠋ᠥ᠋ᠯᠥᠪᠯᠡᠭᠡ ᠶᠢ ᠬᠡᠷᠡᠭᠵᠢᠭᠦᠯᠦᠭᠰᠡᠨ ᠡᠴᠦᠰ ᠤᠨ 5 ᠵᠢᠯ ᠳᠤ ᠢᠰᠫᠠᠨᠢ ᠳᠠᠷᠤᠢ 9200 ᠲᠦᠮᠡᠨ ᠳ᠋ᠣᠯᠯᠠᠷ ᠵᠠᠷᠤᠴᠠᠭᠤᠯᠵᠠᠢ᠃ |