ᠪᠦᠬᠦ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/28
      3 ᠰᠠᠷ᠎ᠠ ᠶᠢᠨ 20 ᠤ ᠡᠳᠦᠷ ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠪᠥᠬᠦ ᠤᠯᠤᠰ ᠂ ᠪᠥᠬᠦ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂  ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ 2023 ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠵᠦ ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠶᠠ ᠵᠥᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠠᠴᠠ ᠵᠢᠭᠠᠵᠤ ᠭᠠᠷᠭᠠᠭᠰᠠᠨ ᠨᠢ ᠂ ᠥᠩᠭᠡᠷᠡᠭᠰᠡᠨ ᠨᠢᠭᠡ ᠵᠢᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠵᠣᠷᠢᠭᠵᠢᠭᠤᠯᠤᠯ ᠳᠣᠣᠷ᠎ᠠ᠂ ᠪᠦᠬᠦ ᠬᠤᠳᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠨᠢ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠲᠦᠷᠦ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠤ ᠂ ᠭᠤᠣᠯᠯᠠᠭᠴᠢ ᠶᠢ ᠰᠠᠯᠤᠯ ᠦᠭᠡᠢ ᠳᠠᠭᠠᠵᠤ᠂ ᠭᠤᠣᠯᠯᠠᠭᠴᠢ ᠶᠢ ᠬᠦᠷᠢᠶᠡᠯᠡᠬᠦ ᠤᠯᠤᠰ ᠲᠦᠷᠦ ᠶᠢᠨ ᠤᠬᠠᠮᠰᠠᠷ ᠨᠡᠩ ᠡᠷᠡᠰ ᠪᠠᠲᠤ ᠪᠣᠯᠵᠤ ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠵᠤ᠂ ᠪᠣᠳᠠᠲᠠᠢ ᠠᠵᠢᠯᠯᠠᠵᠤ ᠯᠠᠪᠳᠠᠭᠤᠨ ᠪᠠᠲᠤᠲᠠᠢ ᠬᠡᠷᠡᠭᠵᠢᠭᠦᠯᠬᠦ ᠦᠵᠡᠯ ᠰᠠᠨᠠᠭᠠᠨ ᠤ ᠰᠠᠭᠤᠷᠢ ᠨᠡᠩ ᠪᠠᠲᠤ ᠪᠠᠬᠢ ᠪᠣᠯᠵᠤ ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠠᠵᠢᠯ ᠤᠨ ᠠᠭᠤᠷ ᠠᠮᠢᠰᠬᠤᠯ ᠨᠡᠩ ᠭᠦᠨ ᠵᠤᠵᠠᠭᠠᠨ ᠪᠣᠯᠵᠤ᠂ ᠠᠵᠤ ᠦᠢᠯᠡᠰ ᠢ ᠠᠬᠢᠭᠤᠯᠬᠤ᠂ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠨᠡᠩ ᠬᠦᠴᠦᠲᠡᠢ ᠪᠣᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ ᠂ ᠬᠡᠷᠡᠭᠵᠢᠭᠦᠯᠦᠯᠲᠡ ᠨᠢ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠨᠡᠩ ᠨᠢᠭᠲᠠ ᠪᠣᠯᠵᠤ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃      ᠬᠤᠷᠠᠯ ᠠᠴᠠ ᠴᠢᠬᠤᠯᠠᠴᠢᠯᠠᠭᠰᠠᠨ ᠨᠢ ᠂ 2024 ᠣᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ ᠂ ᠪᠣᠳᠠᠲᠠᠢ ᠪᠠᠶᠢᠬᠤ ᠶᠢ ᠲᠡᠷᠢᠭᠦᠨ ᠳᠤ ᠲᠠᠯᠪᠢᠵᠤ ᠂ ᠪᠣᠳᠠᠲᠠᠢ ᠠᠵᠢᠯᠯᠠᠬᠤ ᠶᠢ ᠪᠠᠷᠢᠮᠲᠠᠯᠠᠵᠤ ᠂ ︽ ᠰᠢᠨ᠎ᠡ ᠵᠠᠮ ᠢ ᠨᠡᠭᠡᠭᠡᠵᠦ᠂ ᠳᠤᠮᠳᠠᠳᠤ ᠵᠢᠭᠤᠯᠴᠢᠯᠠᠯ ᠳᠤ ᠣᠷᠣᠬᠤ ︾ ᠶᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠣᠯᠭᠤᠭᠰᠠᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ ᠃ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠲᠤᠪᠤᠶᠢᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠤᠳᠤᠷᠢᠳᠬᠤ ᠺᠠᠳ᠋ᠷ ᠤᠨ ᠦᠨᠳᠦᠰᠦᠨ ᠪᠣᠯᠪᠠᠰᠤᠷᠠᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠪᠣᠳᠠᠲᠠᠢ ᠠᠳᠬᠤᠬᠤ ᠬᠡᠷᠡᠭᠲᠡᠢ︔ ᠠᠵᠢᠯ ᠦᠢᠯᠡᠰ ᠢ ᠠᠬᠢᠭᠤᠯᠬᠤ ᠶᠢ ᠲᠤᠪᠤᠶᠢᠯᠭᠠᠵᠦ ᠂ ᠺᠠᠳ᠋ᠷ ᠤᠨ ᠬᠠᠮᠢᠶᠠᠷᠤᠯᠲᠠ ᠪᠣᠯᠣᠨ ᠬᠢᠨᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠪᠣᠳᠠᠲᠠᠢ ᠠᠳᠬᠤᠬᠤ ᠬᠡᠷᠡᠭᠲᠡᠢ ︔ ᠰᠠᠭᠤᠷᠢ ᠶᠢ ᠬᠦᠴᠦᠷᠬᠡᠭᠵᠢᠭᠦᠯᠦᠨ ᠦᠨᠳᠦᠰᠦ ᠶᠢ ᠪᠠᠬᠢᠵᠢᠭᠦᠯᠵᠦ ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠣᠳᠠᠲᠠᠢ ᠠᠳᠬᠤᠬᠤ ᠬᠡᠷᠡᠭᠲᠡᠢ︔ ᠦᠢᠯᠡᠳᠦᠯ ᠢ ᠪᠠᠳᠠᠷᠠᠭᠤᠯᠬᠤ ᠶᠢ ᠲᠣᠪᠤᠶᠢᠯᠭᠠᠨ ᠂ ︽ᠲᠠᠪᠰᠢᠬᠤ ᠂ ᠬᠥᠮᠥᠵᠢᠭᠦᠯᠬᠦ ᠂ ᠬᠠᠮᠢᠶᠠᠷᠬᠤ ᠂ ᠵᠣᠷᠢᠭᠵᠢᠭᠤᠯᠬᠤ ᠂ ᠭᠠᠷᠭᠠᠬᠤ ︾ ᠶᠢ ᠡᠷᠡᠰ ᠪᠡᠶᠡᠯᠡᠭᠦᠯᠵᠦ ᠂ ︽ ᠬᠤᠶᠠᠷ ᠬᠠᠷᠢᠴᠠᠯᠠᠰᠢᠭᠦᠢ ᠶᠠᠪᠤᠳᠠᠯ ︾ ᠢ ᠡᠷᠡᠰ ᠦᠢᠯᠡᠳᠦᠯᠭᠡᠵᠢᠭᠦᠯᠵᠦ ᠂ ︽ ᠬᠤᠶᠠᠷ ᠶᠡᠭᠡ ᠶᠠᠪᠤᠳᠠᠯ ︾  ᠢ ᠰᠠᠶᠢᠲᠤᠷ ᠬᠢᠵᠦ ᠂ ︽ ᠲᠠᠪᠤᠨ ᠥᠨᠳᠥᠷ ᠲᠠᠪᠤᠨ ᠲᠣᠭᠤᠷᠢᠭ ︾ ᠢ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠃      ᠬᠤᠷᠠᠯ ᠳᠡᠭᠡᠷ᠎ᠡ ᠂ 7 ᠨᠢᠭᠡᠴᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ